ᠶᠠᠩ ᠰᠢᠩ ᠱᠧᠩ ᠬᠥᠬᠡ ᠡᠷᠭᠢ ᠪᠠᠯᠭᠠᠰᠤᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/17
     ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠥᠬᠡ ᠡᠷᠭᠢ ᠪᠠᠯᠭᠠᠰᠤᠨ ᠤ ᠳ᠋ᠠ ᠱᠦᠢ ᠭᠧ ᠳ᠋ᠦᠩ ᠲᠣᠰᠬᠤᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠥᠬᠡ ᠡᠷᠭᠢ ᠪᠠᠯᠭᠠᠰᠤᠨ ᠤ ᠨᠠᠮ ᠤᠨ ᠬᠤᠷᠢᠶ᠎ᠠ ᠪᠣᠯᠣᠨ ᠳ᠋ᠠ ᠱᠦᠢ ᠭᠧ ᠳ᠋ᠦᠩ ᠲᠣᠰᠬᠤᠨ ᠤ ᠨᠠᠮ ᠤᠨ ᠡᠭᠦᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ ᠢᠯᠵᠠᠷᠠᠯ ᠢ ᠡᠰᠡᠷᠭᠦᠴᠡᠨ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ ᠪᠠᠲᠤ ᠶᠢ ᠴᠢᠩᠳᠠᠯᠠᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠠᠶᠢᠲᠤᠷ ᠰᠤᠷᠤᠯᠴᠠᠵᠤ᠂ ᠲᠡᠷᠡ ᠬᠡᠪ ᠢᠶᠠᠷ ᠨᠢ ᠰᠤᠷᠤᠯᠴᠠᠬᠤ᠂ ᠳᠦᠷᠢᠮ ᠲᠣᠭᠲᠠᠭᠠᠯ ᠳᠠᠷᠠᠭᠠᠯᠠᠨ ᠰᠤᠷᠤᠯᠴᠠᠬᠤ᠂ ᠰᠢᠶᠠᠩ ᠪᠠᠯᠭᠠᠰᠤᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠨ‍‌ᠨᠠᠮ ᠤᠨ ᠰᠠᠬᠢᠯᠭ᠎ᠠ ᠪᠠᠲᠤ ᠶᠣᠰᠣ ᠳᠦᠷᠢᠮ ᠶᠠᠭᠤ ᠪᠣᠯᠬᠤ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠦᠭᠡᠢ ᠪᠠᠶᠢᠬᠤ ᠶᠢ ᠲᠣᠳᠣᠷᠬᠠᠢ ᠣᠶᠢᠯᠠᠭᠠᠵᠤ᠂ ᠡᠳᠦᠷ ᠲᠤᠲᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠣᠨᠣᠪᠴᠢᠲᠠᠶ ᠡᠵᠡᠮᠳᠡᠵᠦ᠂ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠬᠢᠵᠠᠭᠠᠷᠯᠠᠯ ᠢ ᠣᠨᠣᠪᠴᠢᠲᠠᠶ ᠲᠠᠨᠢᠬᠤ ᠬᠡᠷᠡᠭᠲᠡᠢ᠃ ᠲᠤᠰ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ᠂ ᠰᠤᠷᠤᠯᠴᠠᠯᠭ᠎ᠠ ᠬᠥᠮᠦᠵᠢᠯ ᠤᠨ ᠬᠤᠭᠤᠴᠠᠭ᠎ᠠ ᠶᠠᠭ ᠲᠠᠷᠢᠶᠠᠯᠠᠩ ᠤᠨ ᠦᠢᠯᠡᠳᠪᠦᠷᠢᠯᠡᠯ ᠢ ᠠᠳᠬᠤᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠬᠠᠶᠢᠯᠠᠭᠰᠠᠨ ᠠᠵᠢᠯ᠂ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠵᠤ᠂ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠬᠦ᠂ ᠴᠠᠭᠠᠷᠠᠭᠰᠠᠨ ᠡᠩᠨᠡᠭᠡ ᠶᠢ ᠪᠠᠶᠢᠭᠤᠯᠬᠤ ᠲᠠᠢ ᠤᠶᠠᠯᠳᠤᠭᠤᠯᠵᠤ᠂ ᠬᠥᠳᠡᠭᠡ ᠲᠣᠰᠬᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ᠂ ᠥᠪᠡᠷ ᠢ ᠪᠠᠨ ᠪᠠᠭᠲᠠᠭᠠᠨ ᠣᠷᠣᠭᠤᠯᠵᠤ᠂ ᠠᠵᠢᠯ ᠢᠶᠠᠨ ᠪᠠᠭᠲᠠᠭᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠭᠲᠠᠭᠠᠨ ᠣᠷᠣᠭᠤᠯᠵᠤ᠂ ᠲᠤᠰ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ᠂ ᠡᠳᠦᠷ ᠲᠤᠳᠤᠮ ᠤᠨ ᠰᠤᠷᠤᠯᠴᠠᠯᠭ᠎ᠠ ᠶᠢ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ ᠪᠣᠳᠠᠲᠠᠢ ᠰᠠᠶᠢᠲᠤᠷ ᠬᠢᠵᠦ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠣᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠢᠳᠡᠪᠬᠢᠲᠡᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠡᠨᠴᠢ ᠰᠢᠳᠤᠷᠭᠤ᠂ ᠪᠢᠰᠢᠷᠡᠨ ᠵᠢᠷᠦᠬᠡᠰᠢᠶᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠰᠤᠷᠴᠤ ᠣᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᡁᠢ ᠵᠢᠶᠠᠨ ᠭᠠᠩ᠂ ᠵᠤᠤ ᠸᠧᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠬᠤ ᠳᠤ ᠣᠷᠣᠯᠴᠠᠪᠠ᠃  ︵ᠰᠤᠷᠪᠤᠯᠵᠢᠯᠠᠭᠴᠢ᠄ ᠶᠢᠨ ᠫᠢᠩ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号