ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠡᠨᠡ ᠵᠢᠯ ᠤᠨ ᠲᠦᠷᠦᠭᠦᠤ 4 ᠰᠠᠷ᠎ᠠ ᠳᠤ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠴᠢᠩᠭ᠎ᠠ ᠬᠦᠴᠦᠲᠡᠢ ᠤᠶᠠᠨ | ᠬᠠᠳᠠᠨ ᠴᠢᠨᠠᠷ ᠢᠶᠠᠨ ᠢᠯᠡᠷᠡᠭᠦᠯᠵᠦ᠂ ᠭᠠᠳᠠᠭᠠᠳᠤ ᠣᠷᠣᠭᠤᠯᠤᠯᠳᠡ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠪᠦᠭᠦ | ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠲᠦᠷᠦᠭᠦᠤ 4 | ᠰᠠᠷ᠎ᠠ ᠳᠤ ᠮᠠᠨ ᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ 660.3 ᠳ᠋ᠦᠩᠰᠢᠭᠤᠷ | ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠨ᠂ ᠪᠦᠭᠦ | ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 3.1 ᠬᠤᠪᠢ ᠳᠠᠪᠠᠪᠠ᠃ | ᠡᠨᠡ ᠵᠢᠯ ᠤᠨ ᠲᠦᠷᠦᠭᠦᠤ 4 ᠰᠠᠷ᠎ᠠ ᠳᠤ ᠮᠠᠨ ᠤ ᠣᠷᠣᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 242. | 5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.1% ᠪᠠᠷ | ᠨᠡᠮᠡᠭᠳᠡᠨ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.2 ᠬᠤᠪᠢ | ᠲᠠᠪᠠᠵᠠᠢ; ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ 417.8 ᠳ᠋ᠦᠩᠰᠢᠭᠤᠷ ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠨ᠂ ᠪᠦᠭᠦ ᠤᠯᠤᠰ ᠤᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 3.3 ᠬᠤᠪᠢ ᠳᠠᠪᠠᠪᠠ᠃ | ᠤᠯᠠᠭᠠᠨᠬᠠᠳᠠ ᠪᠠ ᠲᠦᠩᠯᠢᠶᠣᠣ ᠬᠤᠶᠠᠷ ᠬᠤᠳᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ | ᠢᠯᠡᠳᠲᠡ ᠪᠠᠶᠢᠵᠤ᠂ ᠡᠨᠡ ᠵᠢᠯ ᠤᠨ ᠲᠦᠷᠦᠭᠦᠦ ᠤᠯᠠᠷᠢᠯ ᠳᠤ ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶᠠᠨ | ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 74.3 ᠳ᠋ᠦᠩᠰᠢᠭᠤᠷ ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 53.6% ᠪᠠᠷ ᠨᠡᠮᠡᠭᠳᠡᠨ᠂ ᠪᠦᠭᠦ ᠣᠷᠣᠨ ᠤ | ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶᠡᠨ ᠤ 15.7% ᠶᠢ ᠡᠵᠡᠯᠡᠵᠡᠢ᠃ ᠡᠭᠦᠨ ᠳᠤ ᠭᠠᠳᠠᠭᠠᠳᠤ ᠭᠠᠷᠭᠠᠯᠲᠠ | ᠶᠢᠨ ᠬᠡᠮᠵᠢᠶ᠎ᠡ ᠨᠢ 9.3 ᠳ᠋ᠦᠩᠰᠢᠭᠤᠷ ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 27. | 4% ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ ᠨᠢ 65 ᠳ᠋ᠦᠩᠰᠢᠭᠤᠷ ᠲᠥᠭᠦᠷᠢᠭ ᠪᠠᠶᠢᠵᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 58.3% ᠪᠠᠷ ᠨᠡᠮᠡᠭᠳᠡᠪᠡ᠃ ᠡᠨᠡ ᠵᠢᠯ ᠤᠨ ᠲᠦᠷᠤᠭᠦᠦ ᠤᠯᠠᠷᠢᠯ | ᠳᠤ ᠲᠦᠩᠯᠢᠶᠣᠣ ᠬᠤᠳᠠ ᠶᠢᠨ ᠭᠠᠳᠠᠭᠠᠳᠤ ᠠᠷᠠᠯᠵᠢᠶ᠎ᠠ ᠰᠠᠶᠢᠨ ᠡᠭᠢᠯᠡᠯᠲᠡ ᠲᠠᠢ ᠪᠠᠶᠢᠵᠤ᠂ ᠭᠠᠳᠠᠭᠠᠳᠤ | ᠤᠷᠤᠭᠤᠯᠤᠯᠳᠡ ᠭᠠᠷᠭᠠᠯᠲᠠ ᠶᠢᠨ ᠶᠡᠷᠦᠩᠬᠡᠢ ᠬᠡᠮᠵᠢᠶ᠎ᠡ ᠨᠢ 13.7 ᠳ᠋ᠦᠩᠰᠢᠭᠤᠷ ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 34% ᠪᠠᠷ ᠨᠡᠮᠡᠭᠳᠡᠭᠰᠡᠨ ᠪᠠᠶᠢᠨ᠎ᠠ᠃ | | | |