ᠮᠠᠨ ᠤ ᠤᠯᠤᠰ ᠤᠨ ᠠᠩᠬᠠᠳᠠᠭᠴᠢ ᠵᠠᠭᠤᠨ ᠺᠢᠯᠣᠭ᠍ᠷᠠᠮ ᠤᠨ ᠲᠠᠰ ᠤᠨ ᠲᠡᠷᠭᠡᠨ ᠳᠤ ᠠᠴᠢᠶᠠᠯᠠᠬᠤ ᠰᠢᠩᠭᠡᠨ ᠤᠰᠤᠲᠥ᠋ᠷᠥᠭᠴᠢ ᠶᠢᠨ ᠰᠢᠰᠲ᠋ᠧᠮ ᠢ ᠰᠤᠳᠤᠯᠤᠨ ᠦᠢᠯᠡᠳᠪᠡ
ᠨᠡᠶᠢᠲᠡᠯᠡᠭᠰᠡᠨ ᠴᠠᠭ᠄
2024/5/17
     ᠰᠤᠷᠪᠤᠯᠵᠢᠯᠠᠬᠴᠢ 11 ᠤ ᠡᠳᠦᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠤᠨ ᠵᠢᠷᠭᠤᠳᠤᠭᠠᠷ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠬᠠᠮᠤᠭ ᠤᠨ ᠥᠨᠳᠥᠷ ᠲᠠᠰ ᠤᠨ ᠲᠡᠷᠭᠡᠨ ᠳᠤ ᠠᠴᠢᠶᠠᠯᠠᠬᠤ ᠰᠢᠩᠭᠡᠨ ᠤᠰᠤᠲᠥ᠋ᠷᠥᠭᠴᠢ ᠶᠢᠨ ᠰᠢᠰᠲ᠋ᠧᠮ -︽ᠤᠷᠤᠯᠳᠤᠭᠠᠨ ᠤ ᠵᠠᠮ 1000︾ ᠶᠢ ᠲᠦᠷᠦᠭᠦᠬᠡᠨ ᠪᠡᠭᠡᠵᠢᠩ ᠳᠤ ᠨᠡᠶᠢᠲᠡᠯᠡᠵᠦ᠂ ᠤᠰᠤᠲᠥ᠋ᠷᠥᠭᠴᠢ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ 1000 ᠺᠢᠯᠣᠮᠧᠲᠷ ᠢ ᠳᠠᠪᠠᠵᠤ ᠦᠷᠭᠦᠯᠵᠢᠯᠡᠨ ᠠᠶᠠᠯᠠᠬᠤ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃ ᠰᠢᠩᠭᠡᠨ ᠤᠰᠤᠲᠥ᠋ᠷᠥᠭᠴᠢ ᠬᠦᠨᠳᠦ ᠠᠴᠢᠶᠠᠨ ᠤ ᠮᠠᠰᠢᠨ ᠤ ᠭᠤᠣᠯ ᠲᠥᠬᠦᠭᠡᠷᠦᠮᠵᠢ ᠶᠢᠨ ᠨᠢᠭᠡ ᠪᠣᠯᠤᠭᠰᠠᠨ ᠤ ᠬᠤᠪᠢ ᠳᠤ᠂ ᠲᠣᠰ ᠦᠢᠯᠡᠳᠬᠦᠨ ᠢ ᠤᠯᠤᠰ ᠲᠠᠭᠠᠨ ᠦᠢᠯᠡᠳᠪᠦᠷᠢᠯᠡᠬᠦ ᠶᠢ ᠪᠦᠷᠢᠮᠦᠰᠦᠨ ᠪᠡᠶᠡᠯᠡᠭᠦᠯᠦᠭᠰᠡᠨ ᠶᠠᠪᠤᠳᠠᠯ ᠪᠣᠯ ᠮᠠᠨ ᠤ ᠤᠯᠤᠰ ᠰᠢᠩᠭᠡᠨ ᠤᠰᠤᠲᠥ᠋ᠷᠥᠭᠴᠢ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠬᠡᠷᠡᠭᠯᠡᠭᠰᠡᠨ ᠴᠢᠬᠤᠯᠠ ᠮᠡᠷᠭᠡᠵᠢᠯ ᠤᠨ ᠰᠢᠪᠲᠤᠯᠤᠯᠲᠠ ᠪᠣᠯᠣᠨ᠎ᠠ᠃      ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠤᠨ ᠵᠢᠷᠭᠤᠳᠤᠭᠠᠷ ᠬᠦᠷᠢᠶᠡᠯᠡᠩ ᠤᠨ ᠲᠤᠰᠬᠠᠢ ᠮᠡᠷᠭᠡᠵᠢᠯᠲᠡᠨ᠂ ᠮᠠᠨ ᠤ ᠤᠯᠤᠰ ᠤᠨ ᠠᠩᠬᠠᠳᠠᠭᠴᠢ ᠵᠠᠭᠤᠨ ᠺᠢᠯᠣᠭ᠍ᠷᠠᠮ ᠤᠨ ᠲᠠᠰ ᠤᠨ ᠲᠡᠷᠭᠡᠨ ᠳᠤ ᠠᠴᠢᠶᠠᠯᠠᠬᠤ ᠰᠢᠩᠭᠡᠨ ᠤᠰᠤᠲᠥ᠋ᠷᠥᠭᠴᠢ ᠶᠢᠨ ᠰᠢᠰᠲ᠋ᠧᠮ ᠪᠣᠯᠤᠭᠰᠠᠨ ᠤ ᠬᠤᠪᠢ ᠳᠤ᠂ ︽ᠤᠷᠤᠯᠳᠤᠭᠠᠨ ᠤ ᠵᠠᠮ 1000︾ ᠨᠢ ᠳᠡᠭᠡᠷ᠎ᠡ ᠨᠢᠭᠡ ᠦᠶ᠎ᠡ ᠶᠢᠨ ᠦᠢᠯᠡᠳᠬᠦᠨ ᠲᠠᠢ ᠬᠠᠷᠢᠴᠠᠭᠤᠯᠪᠠᠯ᠂ ᠠᠳᠠᠯᠢ ᠭᠠᠳᠠᠷ ᠲᠥᠯᠥᠪ ᠤᠨ ᠶᠡᠭᠡ ᠪᠠᠭ᠎ᠠ ᠶᠢᠨ ᠬᠡᠮᠵᠢᠶ᠎ᠡ ᠳᠣᠣᠷ᠎ᠠ᠂ ᠪᠦᠲᠦᠮᠵᠢᠲᠡᠶ ᠪᠠᠭᠲᠠᠭᠠᠮᠵᠢ ᠶᠢ 20% ᠪᠠᠷ ᠥᠷᠭᠡᠳᠬᠡᠵᠦ᠂ ᠥᠪᠡᠷ ᠤᠨ ᠥᠷᠲᠡᠭ ᠢ 30% ᠠᠴᠠ ᠳᠡᠭᠡᠭᠰᠢ ᠪᠠᠭᠤᠷᠠᠭᠤᠯᠵᠤ᠂ ᠠᠪᠴᠤ ᠶᠠᠪᠤᠬᠤ ᠤᠰᠤᠲᠥ᠋ᠷᠥᠭᠴᠢ ᠶᠢᠨ ᠬᠡᠮᠵᠢᠶ᠎ᠡ ᠶᠢ ᠵᠠᠭᠤᠨ ᠺᠢᠯᠣᠭ᠍ᠷᠠᠮ ᠤᠨ ᠲᠠᠰ ᠪᠣᠯᠭᠠᠨ ᠳᠡᠭᠡᠭᠰᠢᠯᠡᠭᠦᠯᠵᠦ᠂ ᠰᠢᠰᠲ᠋ᠧᠮ ᠤᠨ ᠶᠠᠰᠤ ᠴᠢᠨᠠᠷ᠂ ᠤᠰᠤᠲᠥ᠋ᠷᠥᠭᠴᠢ ᠬᠠᠳᠠᠭᠠᠯᠠᠬᠤ ᠨᠢᠭᠲᠠᠴᠠ᠂ ᠨᠡᠮᠡᠵᠦ ᠬᠢᠬᠦ ᠴᠠᠭ ᠵᠡᠷᠭᠡ ᠪᠣᠯᠵᠣᠯᠲᠤ ᠲᠤᠭ᠎ᠠ ᠶᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠪᠡ ᠭᠡᠵᠦ  ᠲᠠᠨᠢᠯᠴᠠᠭᠤᠯᠪᠠ᠃      ᠲᠣᠰ ᠰᠢᠰᠲ᠋ᠧᠮ ᠢ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠦᠯᠦᠭᠯᠡᠯ ᠤᠨ ᠵᠢᠷᠭᠤᠳᠤᠭᠠᠷ ᠬᠦᠷᠢᠶᠡᠯᠡᠩ ᠤᠨ 101 ᠭᠠᠵᠠᠷ ᠠᠴᠠ ᠪᠡᠶ᠎ᠡ ᠪᠠᠨ ᠳᠠᠭᠠᠭᠠᠨ ᠰᠤᠳᠤᠯᠤᠨ ᠦᠢᠯᠡᠳᠴᠦ᠂ ᠵᠥᠪ ᠴᠢᠭᠯᠡᠯ ᠢᠶᠠᠷ ᠵᠢᠷᠤᠵᠤ ᠲᠥᠯᠥᠪᠯᠡᠬᠦ ᠪᠠ ᠭᠡᠰᠡᠭᠵᠢᠭᠦᠯᠭᠦ ᠣᠶᠢᠯᠠᠭᠠᠭᠳᠠᠬᠤᠨ ᠢ ᠬᠡᠷᠡᠭᠯᠡᠵᠦ᠂ ᠤᠯᠤᠰ ᠲᠠᠭᠠᠨ ᠦᠢᠯᠡᠳᠪᠦᠷᠢᠯᠡᠵᠦ ᠢᠵᠢ ᠪᠦᠷᠢᠳᠦᠭᠦᠯᠬᠦ ᠶᠢ ᠪᠦᠭᠦ ᠲᠠᠯ᠎ᠠ ᠪᠠᠷ ᠪᠡᠶᠡᠯᠡᠭᠦᠯᠵᠦ᠂ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠡᠵᠡᠮᠳᠡᠪᠡ᠃ ᠦᠢᠯᠡᠳᠬᠦᠨ ᠢ ᠪᠥᠭᠡᠮ ᠢᠶᠠᠷ ᠦᠢᠯᠡᠳᠪᠦᠷᠢᠯᠡᠬᠦ ᠪᠠ ᠵᠢᠱᠢᠶ᠎ᠡ ᠦᠵᠡᠭᠦᠯᠦᠨ ᠬᠡᠷᠡᠭᠯᠡᠬᠦ ᠶᠢ ᠳᠠᠭᠠᠯᠳᠤᠨ᠂ ᠮᠠᠨ ᠤ ᠤᠯᠤᠰ ᠤᠨ ᠰᠢᠩᠭᠡᠨ ᠤᠰᠤᠲᠥ᠋ᠷᠥᠭᠴᠢ ᠬᠦᠨᠳᠦ ᠠᠴᠢᠶᠠᠨ  ᠤ ᠮᠠᠰᠢᠨ ᠤ ᠬᠥᠭᠵᠢᠯᠲᠡ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠪᠦᠲᠦᠴᠡ ᠶᠢᠨ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠠᠮ ᠬᠠᠷᠢᠯᠴᠠᠭ᠎ᠠ ᠶᠢ ᠦᠢᠯᠡᠳᠦᠯᠭᠡᠵᠢᠭᠦᠯᠬᠦ ᠳᠤ ᠴᠢᠬᠤᠯᠠ ᠮᠡᠷᠭᠡᠵᠢᠯ ᠪᠠ ᠲᠣᠨᠣᠭᠯᠠᠯ ᠤᠨ ᠰᠠᠭᠤᠷᠢ ᠬᠠᠩᠭᠠᠬᠤ ᠪᠣᠯᠣᠮᠵᠢ ᠲᠠᠢ ᠪᠣᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号