ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ | ᠦᠴᠦᠸᠠᠨ ᠰᠢᠶᠠᠨ ᠤ ᠵᠢᠯ ᠪᠦᠷᠢ ᠶᠢᠨ ᠪᠢᠯᠢᠭ ᠤᠨ ᠤᠯᠠᠷᠢᠯ ᠤᠨ 4 ᠰᠠᠷ᠎ᠠ ᠶᠢᠨ 28 ᠤ ᠡᠳᠦᠷ ᠤᠨ ᠡᠳ᠋ | ᠪᠣᠳᠠᠰ ᠤᠨ ᠰᠣᠯᠢᠯᠴᠠᠭᠠᠨ ᠤ ᠶᠡᠭᠡ ᠬᠤᠷᠠᠯ ᠪᠣᠯ ᠮᠠᠨ ᠤ ᠰᠢᠶᠠᠨ ᠤ ᠴᠢᠬᠤᠯᠠ ᠶᠡᠭᠡ ᠤᠯᠠᠮᠵᠢᠯᠠᠯᠲᠤ ᠠᠵᠢᠯᠯᠠᠭ᠎ᠠ | ᠮᠥᠨ᠂ ᠵᠢᠯ ᠪᠦᠷᠢ ᠬᠤᠶᠠᠷ ᠤᠳᠠᠭ᠎ᠠ ᠵᠠᠬ᠎ᠠ ᠳᠡᠯᠭᠡᠭᠦᠷ ᠢ ᠬᠥᠭᠵᠢᠶᠡᠨ ᠲᠠᠢ ᠪᠣᠯᠭᠠᠵᠤ᠂ ᠣᠷᠣᠨ ᠨᠤᠲᠤᠭ ᠤᠨ ᠠᠵᠤ | ᠠᠬᠤᠢ ᠶᠢ ᠴᠡᠴᠡᠭᠯᠡᠭᠦᠯᠦᠨ ᠬᠥᠭᠵᠢᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠦ᠂ ᠨᠢᠭᠡᠨᠲᠡ ᠲᠤᠬᠠᠢ ᠶᠢᠨ ᠭᠠᠵᠠᠷ ᠤᠨ | ᠬᠡᠪᠴᠢᠶ᠎ᠡ ᠪᠠᠷ ᠨᠡᠯᠢᠶᠡᠳ ᠶᠡᠭᠡ ᠡᠳ᠋ ᠪᠣᠳᠠᠰ ᠤᠨ ᠰᠣᠯᠢᠯᠴᠠᠭ᠎ᠠ ᠪᠠ ᠠᠷᠠᠳ ᠤᠨ ᠵᠤᠭ᠎ᠠ ᠴᠡᠩᠭᠡᠯ ᠤᠨ ᠦᠪᠡᠳᠡᠭᠰᠢ | ᠴᠤᠭᠯᠠᠭᠠᠨ ᠪᠣᠯᠵᠤ᠂ ᠣᠯᠠᠨ ᠲᠦᠮᠡᠨ ᠤ ᠳᠣᠲᠣᠭᠠᠳᠤ ᠰᠡᠳᠬᠢᠯ ᠳᠤ ᠤᠯᠠᠮᠵᠢᠯᠠᠯᠲᠤ ᠰᠣᠶᠣᠯ ᠢ ᠭᠦᠨ | ᠦᠨᠳᠦᠰᠦᠯᠡᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ᠂ ᠮᠡᠳᠡᠷᠡᠬᠦ ᠬᠡᠮᠵᠢᠶ᠎ᠡ ᠥᠨᠳᠥᠷ ᠪᠠᠶᠢᠵᠦ᠂ ᠣᠯᠠᠨ | ᠲᠦᠮᠡᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠣᠯᠠᠨ ᠲᠦᠮᠡᠨ ᠶᠡᠭᠡ ᠬᠤᠷᠠᠯ ᠲᠣᠭᠤᠷᠢᠬᠤ᠂ ᠴᠤᠭᠯᠠᠭ᠎ᠠ | ᠮᠠᠶᠢᠮᠠᠢ ᠳᠤ ᠣᠷᠣᠯᠴᠠᠬᠤ᠂ ᠵᠦᠴᠦᠭᠡ ᠦᠵᠡᠬᠦ᠂ ᠡᠳ᠋ ᠪᠣᠳᠠᠰ ᠪᠡᠯᠡᠳᠬᠦ ᠤᠷᠮ᠎ᠠ ᠵᠣᠷᠢᠭ ᠪᠠᠳᠠᠷᠠᠵᠤ᠂ ᠡᠳ᠋ ᠪᠣᠳᠠᠰ ᠤᠨ | ᠰᠣᠯᠢᠯᠴᠠᠭᠠᠨ ᠤ ᠶᠡᠭᠡ ᠬᠤᠷᠠᠯ ᠡᠷᠬᠢᠯᠡᠬᠦ ᠳᠤ ᠬᠦᠰᠡᠯ ᠡᠷᠡᠮᠡᠯᠵᠡᠯ ᠪᠢᠯᠬᠠᠮ᠎ᠠ ᠪᠠᠶᠢᠨ᠎ᠠ᠃ | ᠬᠤᠶᠠᠷ᠂ ᠭᠤᠣᠯ ᠬᠠᠷᠠᠯᠲᠠ | ᠪᠣᠳᠠᠰ ᠤᠨ ᠠᠷᠠᠯᠵᠢᠶᠠᠨ ᠤ ᠴᠤᠭᠯᠠᠭᠠᠨ ᠢ ᠡᠷᠬᠢᠯᠡᠬᠦ ᠪᠣᠯ ᠭᠠᠳᠠᠭᠠᠳᠤ ᠠᠷᠠᠯᠵᠢᠶᠠᠨ ᠤ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠬᠥᠭᠵᠢᠯᠲᠡ ᠪᠠ ᠠᠷᠠᠯᠵᠢᠶ᠎ᠠ ᠬᠤᠳᠠᠯᠳᠤᠭᠠᠨ ᠤ | ᠭᠦᠢᠯᠭᠡᠭᠡ ᠶᠢ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢ ᠬᠥᠭᠵᠢᠭᠦᠯᠬᠦ᠂ ᠵᠠᠬ᠎ᠠ ᠳᠡᠯᠭᠡᠭᠦᠷ ᠢ | ᠬᠥᠭᠵᠢᠶᠡᠨᠲᠡᠢ ᠪᠣᠯᠭᠠᠬᠤ ᠵᠣᠷᠢᠯᠭ᠎ᠠ ᠳᠤ ᠬᠦᠷᠬᠦ ᠶᠢᠨ ᠬᠠᠮᠲᠤ ᠪᠠᠰᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠵᠤ᠂ ᠠᠷᠠᠳ ᠤᠯᠠᠨ ᠤ ᠪᠣᠳᠠᠰ ᠤᠨ ᠤᠶᠤᠨ ᠤ ᠰᠣᠶᠣᠯ ᠤᠨ ᠠᠮᠢᠳᠤᠷᠠᠯ ᠤᠨ | ᠬᠡᠷᠡᠭᠴᠡᠭᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵1︶ ᠴᠠᠭ ᠪᠠ ᠭᠠᠵᠠᠷ ᠣᠷᠣᠨ᠄ 2024 ᠣᠨ ᠤ 6 ᠰᠠᠷ᠎ᠠ ᠶᠢᠨ 12 ᠤᠨ ᠡᠳᠦᠷ ︵ᠪᠢᠯᠢᠭ ᠤᠨ ᠤᠯᠠᠷᠢᠯ ᠤᠨ | ᠳᠥᠷᠪᠡᠨ ᠰᠠᠷ᠎ᠠ ᠶᠢᠨ ᠬᠤᠷᠢᠨ ᠲᠠᠪᠤᠨ︶ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠨᠡᠭᠦᠳᠡᠯ ᠠᠷᠠᠳ ᠤᠨ | ᠲᠣᠰᠬᠤᠨ ᠤ ᠪᠠᠷᠠᠭᠤᠨ ᠲᠠᠯ᠎ᠠ ᠳᠤ᠂ ᠳ᠋ᠦᠩ ᠾᠧ ᠴᠡᠴᠡᠷᠯᠢᠭ ᠤᠨ ᠠᠭᠤᠳᠠᠮ ᠲᠠᠯᠠᠪᠠᠢ ᠶᠢᠨ ᠬᠤᠶᠢᠲᠤ ᠲᠠᠯ᠎ᠠ ᠳᠤ | ︽2024 ᠦᠴᠦᠸᠠᠨ ᠰᠢᠶᠠᠨ ᠤ ᠤᠯᠠᠮᠵᠢᠯᠠᠯᠲᠤ ᠡᠳ᠋ ᠪᠣᠳᠠᠰ ᠤᠨ ᠰᠣᠯᠢᠯᠴᠠᠭᠠᠨ ᠤ ᠶᠡᠭᠡ ᠬᠤᠷᠠᠯ︾ ᠡᠷᠬᠢᠯᠡᠨ᠎ᠡ᠃ | ︵2︶ ︽ᠤᠯᠠᠮᠵᠢᠯᠠᠯᠲᠤ ᠡᠳ᠋ ᠪᠣᠳᠠᠰ ᠤᠨ ᠰᠣᠯᠢᠯᠴᠠᠭᠠᠨ ᠤ ᠶᠡᠭᠡ ᠬᠤᠷᠠᠯ︾ ᠤᠨ ᠬᠤᠭᠤᠴᠠᠭᠠᠨ ᠳᠤ ᠬᠤᠪᠴᠠᠰᠤ | ᠬᠤᠨᠠᠷ ᠤᠨ ᠳᠡᠯᠭᠡᠨ ᠪᠣᠷᠣᠯᠠᠭᠤᠯᠬᠤ᠂ ᠣᠨᠴᠠᠯᠢᠭᠲᠤ ᠠᠮᠲᠠᠲᠤ ᠢᠳᠡᠭᠡᠨ᠂ ᠮᠣᠷᠢᠨ ᠲᠣᠭᠯᠠᠭᠠᠮ᠂ ᠲᠣᠮᠣ ᠬᠡᠯᠪᠡᠷᠢ ᠶᠢᠨ | ᠵᠤᠭ᠎ᠠ ᠴᠡᠩᠭᠡᠯ ᠤᠨ ᠲᠣᠭᠯᠠᠭᠠᠮ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠵᠡᠭᠦᠯᠦᠯᠭᠡ᠂ ᠶᠤᠸᠠᠨ ᠸᠧᠢ | ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ | ᠪᠣᠷᠣᠯᠠᠭᠤᠯᠬᠤ ᠵᠡᠷᠭᠡ ᠠᠵᠢᠯᠯᠠᠭ᠎ᠠ ᠥᠷᠨᠢᠭᠦᠯᠦᠨ᠎ᠡ᠃ | ︵3︶ ᠤᠷᠠᠨ ᠰᠠᠶᠢᠬᠠᠨ ᠤ ᠲᠣᠭᠯᠠᠯᠲᠠ᠄ 2024 ᠣᠨ ᠤ 6 ᠰᠠᠷ᠎ᠠ ᠶᠢᠨ 12 ᠤᠨ ᠡᠳᠦᠷ ᠠᠴᠠ 2024 | ᠣᠨ ᠤ 6 ᠰᠠᠷ᠎ᠠ ᠶᠢᠨ 22 ᠤᠨ ᠡᠳᠦᠷ ᠪᠣᠯᠲᠠᠯᠠᠬᠢ ᠡᠳ᠋ ᠪᠣᠳᠠᠰ ᠤᠨ ᠰᠣᠯᠢᠯᠴᠠᠭᠠᠨ ᠤ ᠬᠤᠷᠠᠯ ᠤᠨ | ᠬᠤᠭᠤᠴᠠᠭᠠᠨ ᠳᠤ᠂ ᠱᠠᠨ ᠰᠢ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠶᠢ ᠲᠣᠬᠢᠷᠠᠭᠤᠯᠵᠤ᠂ ᠦᠴᠦᠸᠠᠨ | ᠰᠢᠶᠠᠨ ᠤ ᠪᠡᠶ᠎ᠡ ᠶᠢᠨ ᠲᠠᠮᠢᠷ ᠤᠨ ᠲᠠᠯᠠᠪᠠᠶ ᠳᠤ ᠲᠣᠭᠯᠠᠯᠲᠠ ᠭᠠᠷᠭᠠᠵᠤ᠂ ᠥᠷᠭᠡᠨ ᠣᠯᠠᠨ ᠠᠷᠠᠳ ᠲᠦᠮᠡᠨ ᠤ | ᠬᠠᠷᠢᠯᠴᠠᠨ ᠳᠠᠮᠵᠢᠭᠤᠯᠵᠤ᠂ ᠢᠷᠡᠵᠦ ᠰᠣᠨᠢᠷᠬᠠᠬᠤ ᠶᠢ ᠪᠠᠶᠠᠷᠯᠠᠨ ᠤᠭᠲᠤᠨ᠎ᠠ᠃ | ︵4︶ ᠵᠣᠬᠢᠶᠠᠨ ᠪᠠᠶᠢᠭᠤᠯᠤᠨ ᠬᠠᠮᠢᠶᠠᠷᠬᠤ᠄ ᠦᠴᠦᠸᠠᠨ ᠰᠢᠶᠠᠨ ᠤ ᠡᠳ᠋ ᠪᠣᠳᠠᠰ ᠤᠨ ᠰᠣᠯᠢᠯᠴᠠᠭᠠᠨ ᠤ ᠬᠤᠷᠠᠯ ᠪᠠ | ᠱᠠᠨ ᠰᠢ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ | ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠯᠦᠩ ᠶᠤᠸᠠᠨ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠵᠦ᠂ ᠥᠷᠭᠡᠨ ᠤᠯᠠᠨ ᠬᠤᠳᠠᠯᠳᠤᠭᠠᠴᠢᠨ | ᠡᠷᠦᠬᠡ ᠪᠠ ᠤᠯᠠᠨ ᠲᠦᠮᠡᠨ ᠤ ᠪᠣᠯᠪᠠᠰᠤᠨ ᠢᠶᠠᠷ ᠣᠷᠣᠯᠴᠠᠵᠤ᠂ ᠬᠠᠤᠯᠢ ᠶᠣᠰᠣᠭᠠᠷ ᠬᠤᠳᠠᠯᠳᠤᠭ᠎ᠠ ᠡᠷᠬᠢᠯᠡᠵᠦ᠂ | ᠬᠠᠮᠲᠤ ᠪᠠᠷ ᠡᠳ᠋ ᠪᠣᠳᠠᠰ ᠤᠨ ᠰᠣᠯᠢᠯᠴᠠᠭᠠᠨ ᠤ ᠬᠤᠷᠠᠯ ᠢ ᠰᠠᠶᠢᠲᠤᠷ ᠡᠷᠬᠢᠯᠡᠵᠦ᠂ ᠦᠴᠦᠸᠠᠨ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠶᠡᠭᠡ ᠬᠤᠷᠠᠯ ᠤᠨ ᠬᠤᠭᠤᠴᠠᠭᠠᠨ ᠳᠤ 5 ᠳᠤᠭᠤᠶᠢᠯᠠᠩ ᠪᠠᠶᠢᠭᠤᠯᠵᠤ᠂ ᠡᠭᠦᠷᠭᠡ ᠳᠤ ᠵᠠᠳᠠᠯᠤᠯᠲᠠ ᠬᠢᠨ᠎ᠡ᠃ | 1. ᠠᠮᠤᠷ ᠲᠦᠪᠰᠢᠨ ᠤ ᠪᠠᠲᠤᠯᠠᠭ᠎ᠠ ᠶᠢᠨ ᠳᠤᠭᠤᠶᠢᠯᠠᠩ᠄ ᠰᠣᠯᠢᠯᠴᠠᠭᠠᠨ ᠤ ᠬᠤᠷᠠᠯ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ᠂ ᠡᠵᠡᠩᠨᠡᠯᠲᠡ ᠶᠢᠨ ᠡᠮᠬᠢ ᠵᠢᠷᠤᠮ᠂ ᠴᠠᠬᠢᠯᠭᠠᠨ ᠬᠠᠩᠭᠠᠯᠭ᠎ᠠ ᠶᠢᠨ ᠠᠮᠤᠷ ᠲᠦᠪᠰᠢᠨ᠂ ᠣᠨᠴᠠ | ᠲᠥᠷᠥᠯ ᠤᠨ ᠪᠡᠯᠡᠳᠬᠡᠮᠵᠢ ᠶᠢᠨ ᠠᠮᠤᠷ ᠲᠦᠪᠰᠢᠨ ᠵᠡᠷᠭᠡ ᠠᠵᠢᠯ ᠢ ᠬᠠᠷᠢᠭᠤᠴᠠᠵᠤ᠂ ᠡᠯ᠎ᠡ ᠵᠦᠢᠯ ᠤᠨ ᠡᠪᠳᠡᠬᠦ | ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠰᠣᠯᠢᠯᠴᠠᠭᠠᠨ ᠤ ᠬᠤᠷᠠᠯ ᠤᠨ ᠡᠮᠬᠢ ᠵᠢᠷᠤᠮ ᠢ ᠬᠠᠮᠠᠭᠠᠯᠠᠨ᠎ᠠ᠃ | 2. ᠮᠡᠳᠡᠭᠡ ᠵᠠᠩᠭᠢ ᠮᠡᠳᠡᠭᠦᠯᠦᠨ ᠬᠦᠷᠭᠡᠬᠦ ᠳᠤᠭᠤᠶᠢᠯᠠᠩ᠄ ᠣᠯᠠᠨ ᠨᠡᠶᠢᠲᠡ ᠶᠢᠨ ᠳ᠋ᠤᠭᠠᠷ ᠲᠤ ᠠᠯᠪᠠᠨ ᠵᠠᠷ᠂ | ᠰᠣᠨᠢᠨ ᠮᠡᠳᠡᠭᠡᠨ ᠤ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ | 3. ᠰᠣᠶᠣᠯ ᠤᠨ ᠤᠬᠠᠭᠤᠯᠭ᠎ᠠ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠳᠤᠭᠤᠶᠢᠯᠠᠩ᠄ | ᠨᠡᠶᠢᠭᠡᠮ ᠤᠨ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠩᠬᠠᠷᠴᠤ᠂ ᠰᠢᠢᠳᠪᠦᠷᠢᠯᠡᠵᠦ᠂ ᠰᠣᠯᠢᠯᠴᠠᠭᠠᠨ ᠤ | ᠬᠤᠷᠠᠯ ᠤᠨ ᠰᠣᠶᠣᠯ ᠤᠨ ᠲᠣᠭᠯᠠᠯᠲᠠ ᠶᠢᠨ ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ | 4. ᠡᠮᠴᠢᠯᠡᠭᠡᠨ ᠤ ᠠᠪᠤᠷᠠᠨ ᠲᠤᠰᠠᠯᠠᠯᠲᠠ᠂ ᠢᠳᠡᠭᠡᠨ ᠤ ᠠᠮᠤᠷ ᠲᠦᠪᠰᠢᠨ᠂ ᠡᠷᠡᠭᠦᠯ ᠬᠠᠮᠠᠭᠠᠯᠠᠯ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠳᠤᠭᠤᠶᠢᠯᠠᠩ᠄ ᠰᠣᠯᠢᠯᠴᠠᠭᠠᠨ ᠤ ᠬᠤᠷᠠᠯ ᠤᠨ ᠡᠮᠨᠡᠨ ᠠᠪᠤᠷᠠᠬᠤ᠂ ᠢᠳᠡᠭᠡᠨ ᠤ | ᠠᠷᠢᠭᠤᠨ ᠴᠡᠪᠡᠷ ᠤᠨ ᠠᠮᠤᠷ ᠲᠦᠪᠰᠢᠨ᠂ ᠬᠤᠷᠠᠯ ᠤᠨ ᠳᠠᠷᠠᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠮᠤᠷ | ᠲᠦᠪᠰᠢᠨ ᠵᠡᠷᠭᠡ ᠶᠢ ᠪᠠᠲᠤᠯᠠᠨ᠎ᠠ᠃ | 5. ᠵᠠᠮ ᠬᠠᠷᠢᠯᠴᠠᠭ᠎ᠠ ᠶᠢ ᠨᠡᠪᠲᠡᠷᠡᠭᠦᠯᠬᠦ ᠳᠤᠭᠤᠶᠢᠯᠠᠩ᠄ ᠵᠠᠮ ᠬᠠᠷᠢᠯᠴᠠᠭᠠᠨ ᠤ ᠴᠠᠭᠳᠠᠭ᠎ᠠ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠵᠡᠷᠭᠡ ᠰᠣᠯᠢᠯᠴᠠᠭᠠᠨ ᠤ ᠬᠤᠷᠠᠯ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠤ | ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ | | |