ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/5/17
     ᠣᠶᠢᠷ᠎ᠠ ᠳᠤ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠰᠢᠨ᠎ᠡ ᠴᠠᠭ ᠦᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ︵ᠳᠣᠷᠣᠭᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠡᠵᠦ ᠲᠣᠪᠴᠢᠯᠠᠨ᠎ᠠ︶ ᠠᠵᠢᠯ ᠢ ᠴᠢᠩᠭᠠᠳᠬᠠᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃      ︽ᠰᠠᠨᠠᠯ︾ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠨᠢ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳᠣᠲᠣᠭᠠᠳᠤ ᠶᠢᠨ ᠱᠠᠲᠤ ᠲᠠᠰ ᠲᠤ ᠬᠢᠨᠠᠯᠲᠠ ᠲᠠᠯᠪᠢᠬᠤ ᠪᠣᠯᠤᠭᠰᠠᠨ ᠤ ᠬᠤᠪᠢ ᠳᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠬᠦ ᠦᠨᠳᠦᠰᠦᠨ ᠠᠷᠭ᠎ᠠ ᠮᠠᠶ᠋ᠢᠭ ᠮᠥᠨ᠃ ᠪᠦᠭᠦ ᠲᠠᠯ᠎ᠠ ᠪᠠᠷ ᠲᠡᠭᠦᠯᠳᠡᠷᠵᠢᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠪᠠᠶᠢᠭᠤᠯᠬᠤ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠳᠤ᠂  ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠠᠬᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠢᠷᠦᠮᠵᠢᠭᠤᠨ ᠬᠠᠮᠢᠶᠠᠷᠤᠯᠲᠠ᠂ ᠵᠢᠯᠣᠭᠤᠳᠤᠨ ᠬᠢᠨᠠᠯᠲᠠ ᠲᠠᠯᠪᠢᠬᠤ᠂ ᠤᠷᠮᠠᠰᠢᠭᠤᠯᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ 2024 ᠣᠨ ᠤ ᠡᠴᠦᠰ ᠪᠤᠯᠲᠠᠯ᠎ᠠ᠂ ᠮᠤᠵᠢ ᠬᠤᠲᠠ ᠰᠢᠶᠠᠨ ᠰᠢᠶᠠᠩ ᠳᠥᠷᠪᠡᠨ ᠱᠠᠲᠤ ᠶᠢ ᠬᠠᠮᠤᠷᠤᠭᠰᠠᠨ ᠨᠡᠯᠢᠶᠡᠳ ᠪᠦᠷᠢᠨ ᠲᠡᠭᠦᠯᠳᠡᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠦᠭᠦ ᠲᠠᠯ᠎ᠠ ᠶᠢᠨ᠂ ᠪᠦᠭᠦ ᠴᠤᠪᠤᠷᠠᠯ ᠤᠨ᠂ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠳᠠᠢ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ︽ᠰᠠᠨᠠᠯ︾ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠪᠤᠰᠤᠳ ᠡᠯ᠎ᠡ ᠲᠥᠷᠥᠯ ᠤᠨ ᠬᠢᠨᠠᠯᠲᠠ ᠲᠠᠯᠪᠢᠬᠤ ᠶᠢ ᠣᠷᠭᠠᠨᠢᠭ ᠢᠶᠠᠷ ᠨᠡᠪᠲᠡᠷᠡᠯᠴᠡᠭᠦᠯᠵᠦ᠂ ᠬᠠᠷᠢᠯᠴᠠᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠤᠰ ᠱᠠᠲᠤᠨ ᠤ ᠵᠠᠰᠠᠭ ᠤᠨ ᠣᠷᠳᠣᠨ ᠢ ᠲᠥᠯᠥᠭᠡᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠣᠳᠠᠲᠠᠢ ᠬᠡᠷᠡᠭ ᠶᠠᠪᠤᠳᠠᠯ ᠢ ᠡᠭᠦᠷᠭᠡᠯᠡᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠤᠰ ᠱᠠᠲᠤᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠣᠯᠯᠠᠨ ᠬᠠᠮᠢᠶᠠᠷᠴᠤ ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠢᠯᠤᠭᠤᠳᠴᠤ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠠᠤᠯᠢ ᠲᠣᠭᠲᠠᠭᠠᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠤᠯᠢ ᠲᠣᠭᠲᠠᠭᠠᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠳᠦᠷᠢᠮ ᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠴᠢᠩᠭ᠎ᠠ ᠬᠢᠨᠠᠮᠠᠭᠠᠢ ᠭᠦᠢᠴᠡᠳᠬᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠩᠭᠤᠵᠢᠭᠰᠠᠨ ᠬᠢᠨᠠᠯᠲᠠ ᠲᠠᠯᠪᠢᠯᠲᠠ ᠶᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠲᠤᠰᠬᠠᠢ ᠲᠦᠷᠦᠯ ᠤᠨ ᠬᠢᠨᠠᠯᠲᠠ ᠲᠠᠯᠪᠢᠬᠤ ᠶᠢ ᠰᠠᠶᠢᠲᠤᠷ ᠠᠳᠬᠤᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠢᠬᠤᠯᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠴᠢᠩᠭᠠᠳᠬᠠᠵᠤ᠂ ᠬᠦᠷᠢᠶ᠎ᠡ ᠪᠠ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢᠴᠢ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠵᠢᠯᠤᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠭᠰᠠᠨ ᠦᠷ᠎ᠡ ᠳ᠋ᠦᠩ ᠢ ᠭᠦᠢᠴᠡᠳ ᠬᠡᠷᠡᠭᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠦᠪᠡᠭᠴᠢ ᠶᠢ ᠴᠤᠭᠯᠠᠭᠤᠯᠤᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃      ︽ᠰᠠᠨᠠᠯ︾ ᠳᠤ᠂ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠬᠠᠮᠵᠢᠯᠴᠠᠨ ᠠᠵᠢᠯᠯᠠᠬᠤ ᠶᠢ ᠴᠢᠩᠭᠠᠳᠬᠠᠵᠤ᠂ ᠪᠠᠶᠢᠷᠢᠯᠠᠭᠤᠯᠤᠯᠲᠠ ᠲᠠᠢ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠦᠷ᠎ᠡ ᠪᠦᠲᠦᠮᠵᠢ ᠣᠯᠬᠤ ᠶᠢ ᠪᠡᠶᠡᠯᠡᠭᠦᠯᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠠᠵᠢᠯ ᠢ ᠬᠢᠨᠠᠮᠠᠭᠠᠢ ᠥᠷᠨᠢᠭᠦᠯᠵᠦ᠂ ᠬᠤᠯᠪᠣᠭᠳᠠᠯ ᠪᠦᠬᠦᠢ ᠲᠤᠷᠰᠢᠯᠭ᠎ᠠ ᠬᠢᠳᠡᠯ ᠢ ᠳᠡᠯᠭᠡᠷᠡᠭᠦᠯᠦᠨ᠂ ᠰᠤᠳᠤᠯᠤᠨ ᠵᠣᠬᠢᠴᠠᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ  ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号