ᠦᠴᠦᠸᠠᠨ ᠰᠢᠶᠠᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 13 ᠤ ᠡᠳᠦᠷ ᠠᠴᠠ 19 ᠤ ᠡᠳᠦᠷ ᠪᠣᠯᠲᠠᠯ᠎ᠠ ᠪᠦᠬᠦ ᠤᠯᠤᠰ ᠤᠨ 34 ᠳ᠋ᠦ᠋ᠭᠡᠷ ᠤᠳᠠᠭᠠᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠣᠯᠣᠨ᠎ᠠ᠂ ᠲᠤᠰ ᠤᠳᠠᠭᠠᠨ ᠤ ᠠᠵᠢᠯᠯᠠᠭ᠎ᠠ ᠨᠢ ︽ᠪᠣᠬᠢᠷᠳᠤᠯ ᠦᠭᠡᠢ ᠲᠡᠰᠢ ᠬᠡᠯᠪᠡᠷᠢ ᠪᠠᠨ ᠬᠤᠪᠢᠷᠠᠭᠤᠯᠵᠤ᠂ ᠡᠨᠧᠷᠭᠢ ᠠᠷᠪᠢᠯᠠᠨ ᠪᠣᠭᠤᠮᠲᠠ ᠰᠢᠪᠲᠤᠯᠬᠤ︾ ᠪᠠᠷ ᠭᠤᠣᠯ ᠰᠡᠳᠦᠪ ᠪᠣᠯᠭᠠᠵᠤ᠂᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠪᠣᠬᠢᠷᠳᠤᠯ ᠦᠭᠡᠢ ᠣᠶᠢᠯᠠᠭᠠᠭᠳᠠᠬᠤᠨ ᠢ ᠥᠷᠭᠡᠨ ᠢᠶᠠᠷ ᠤᠯᠠᠮᠵᠢᠯᠠᠵᠤ᠂ ᠺᠠᠳ᠋ᠷ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠪᠠ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠥᠬᠦ ᠨᠡᠶᠢᠭᠡᠮ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠳᠤᠮᠳᠠᠬᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠦᠴᠦᠸᠠᠨ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠭᠡᠷᠡᠯ ᠵᠢᠷᠤᠭ ᠤᠨ ᠦᠵᠡᠰᠬᠦᠯᠡᠩ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠪᠦᠬᠦ ᠰᠢᠶᠠᠨ ᠤ ᠡᠯ᠎ᠡ ᠨᠢᠭᠡᠴᠢ ᠶᠢᠨ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠶᠡᠷᠦ ᠶᠢᠨ ᠮᠡᠳᠡᠯᠭᠡ ᠶᠢᠨ ᠤᠬᠠᠭᠤᠯᠭ᠎ᠠ ᠪᠠ ︽ᠬᠤᠭᠤᠰᠣᠨ ᠫᠢᠯᠠ᠂ ᠪᠢ ᠢᠷᠠᠭᠤ ᠠᠯᠳᠠᠷᠲᠠᠢ︾ ᠭᠡᠬᠦ ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃      ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠮᠠᠨ ᠤ ᠰᠢᠶᠠᠨ ᠪᠥᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠠᠵᠢᠯᠯᠠᠭ᠎ᠠ ᠶᠢ ᠬᠥᠲᠥᠯᠥᠨ ᠳᠠᠭᠠᠭᠤᠯᠬᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠ ᠵᠠᠬ᠎ᠠ ᠳᠡᠯᠭᠡᠭᠦᠷᠴᠢᠯᠡᠭᠰᠡᠨ ᠡᠨᠧᠷᠭᠢ ᠠᠷᠪᠢᠯᠠᠬᠤ ᠲᠣᠭᠲᠠᠴᠠ ᠶᠢ ᠳᠡᠯᠭᠡᠷᠡᠭᠦᠯᠬᠦ ᠵᠡᠷᠭᠡ ᠠᠵᠢᠯ ᠢᠶᠠᠷ ᠭᠤᠣᠯᠳᠠᠯᠭ᠎ᠠ ᠪᠣᠯᠭᠠᠵᠤ᠂ ᠡᠨᠧᠷᠭᠢ ᠠᠷᠪᠢᠯᠠᠬᠤ ᠤᠰᠤ ᠠᠷᠪᠢᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠢᠳᠡᠭᠡᠨ ᠤ ᠪᠦᠷᠢᠯᠭᠡᠬᠦ ᠶᠢ ᠡᠰᠡᠷᠭᠦᠴᠡᠬᠦ᠂ ᠰᠦᠯᠢᠶᠥᠦ ᠶᠢᠨ ᠪᠣᠬᠢᠷᠲᠤᠯ ᠢ ᠵᠠᠰᠠᠬᠤ᠂ ᠪᠣᠬᠢᠷᠲᠤᠯ ᠦᠭᠡᠢ ᠠᠵᠢᠯᠯᠠᠬᠤ᠂ ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠶᠠᠪᠤᠵᠤ ᠰᠠᠭᠤᠬᠤ ᠵᠡᠷᠭᠡ ᠠᠭᠤᠯᠭ᠎ᠠ ᠶᠢᠨ ᠤᠬᠠᠭᠤᠯᠭ᠎ᠠ ᠶᠢ ᠲᠣᠪᠤᠶᠢᠯᠭᠠᠨ᠂ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ᠂ ᠪᠣᠯᠪᠠᠰᠤᠨ ᠪᠥᠭᠡᠳ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃  ︵ᠰᠣᠷᠪᠤᠯᠵᠢᠯᠠᠬᠴᠢ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号