ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ︾ ᠥᠷᠨᠢᠭᠦᠯᠪᠡ
ᠨᠡᠶᠢᠲᠡᠯᠡᠭᠰᠡᠨ ᠴᠠᠭ᠄
2024/5/20
     ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ︵2023 ᠤᠨ - 2025 ᠣᠨ︶ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠴᠢᠳᠠᠪᠤᠷᠢ ᠪᠠ ᠬᠢᠷᠢ ᠲᠦᠪᠰᠢᠨ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 17 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠲᠠᠰᠤᠭ ᠵᠢᠴᠢ ᠭᠤᠣᠯᠳᠠᠯᠭ᠎ᠠ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠭᠡᠷ᠂ ᠬᠠᠤᠯᠢ ᠴᠠᠭᠠᠵᠠ ᠶᠢᠨ ᠶᠠᠮᠤᠨ ᠤ ᠡᠷᠭᠢᠯᠡᠭᠰᠡᠨ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ︾ ᠶᠢᠨ ᠸᠢᠳᠢᠤ᠋ ᠬᠤᠷᠠᠯ ᠳᠤ ᠣᠷᠣᠯᠴᠠᠪᠠ᠃      ᠪᠣᠯᠪᠠᠰᠤᠷᠠᠯ ᠨᠢ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠡᠨᠡ ᠬᠦ ᠭᠤᠣᠯ ᠱᠤᠭᠤᠮ ᠤᠨ ᠲᠣᠭᠤᠷᠢᠨ ᠳᠤ᠂ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠵᠠᠰᠠᠭ ᠵᠠᠬᠢᠷᠭᠠᠨ ᠤ ᠵᠠᠷᠭᠤ ᠶᠢᠨ ᠲᠠᠯ᠎ᠠ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠬᠡᠷᠬᠢᠨ ᠬᠡᠷᠡᠭᠯᠡᠬᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠬᠡᠷᠡᠭᠯᠡᠭᠡᠨ ᠤ ᠳᠤᠮᠳᠠᠬᠢ ᠠᠰᠠᠭᠤᠳᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ᠢ ᠰᠤᠷᠤᠯᠴᠠᠨ ᠲᠤᠭᠤᠰᠢᠯᠠᠭᠤᠯᠬᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ︾ ᠵᠡᠷᠭᠡ ᠲᠤᠯᠤᠭᠠᠨ ᠶᠡᠭᠡ ᠲᠤᠰᠬᠠᠢ ᠰᠡᠳᠦᠪᠲᠦ ᠬᠢᠴᠢᠶᠡᠯ ᠢ ᠲᠣᠬᠢᠷᠠᠭᠤᠯᠤᠭᠰᠠᠨ ᠤ ᠬᠠᠮᠲᠤ᠂ ᠲᠤᠬᠠᠢ ᠶᠢᠨ ᠲᠠᠯᠠᠪᠤᠷ ᠤᠨ ᠰᠣᠷᠢᠯᠲᠠ᠂ ᠰᠤᠷᠤᠭᠴᠢᠳ ᠤᠨ ᠰᠣᠯᠢᠯᠴᠠᠭ᠎ᠠ ᠵᠡᠷᠭᠡ ᠲᠠᠢ ᠤᠶᠠᠯᠳᠤᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ ᠬᠢᠬᠦ ᠶᠢᠨ ᠬᠠᠮᠲᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠤᠯᠲᠠ ᠬᠢᠪᠡ᠃ ᠪᠣᠯᠪᠠᠰᠤᠷᠠᠯ ᠨᠢ ᠪᠥᠬᠦ ᠰᠢᠶᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠣᠨᠣᠯ ᠤᠨ ᠬᠡᠪ ᠪᠣᠯᠪᠠᠰᠤᠷᠠᠯ ᠪᠠ ᠴᠢᠳᠠᠪᠤᠷᠢ ᠶᠢᠨ ᠪᠠᠶᠢᠭᠤᠯᠤᠯᠲᠠ ᠶᠢ ᠪᠦᠲᠦᠮᠵᠢᠲᠡᠶ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠬᠦᠴᠦᠲᠡᠢ ᠳᠡᠭᠡᠭᠰᠢᠯᠡᠭᠦᠯᠪᠡ᠃       ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠣᠯᠪᠠᠰᠤᠷᠠᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠰᠢᠶᠠᠨ ᠤ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠪᠥᠬᠦ ᠰᠢᠶᠠᠨ ᠤ ᠡᠯ᠎ᠡ ᠵᠦᠢᠯ ᠤᠨ ᠬᠠᠤᠯᠢ ᠬᠡᠷᠡᠭᠵᠢᠭᠦᠯᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠤ᠂ ᠪᠥᠬᠦ ᠰᠢᠶᠠᠨ ᠤ ᠬᠠᠤᠯᠢᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号