ᠬᠥᠬᠡᠬᠤᠲᠠ ᠶᠢᠨ 2024 ᠣᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠰᠣᠷᠢᠯᠲᠠ ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠴᠦᠸᠠᠨ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠲᠠᠢ ᠬᠠᠮᠲᠤᠷᠠᠨ ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠳᠤ ᠬᠥᠬᠡᠬᠤᠲᠠ ᠶᠢᠨ 2024 ᠣᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠰᠣᠷᠢᠯᠲᠠ ᠶᠢ ᠡᠷᠬᠢᠯᠡᠪᠡ᠃ ᠰᠣᠷᠢᠯᠲᠠ ᠨᠢ ᠭᠤᠣᠯᠳᠠᠭᠤ ᠬᠥᠬᠡᠬᠤᠲᠠ ᠶᠢᠨ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠥᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠰᠢᠯᠭᠠᠨ ᠪᠠᠶᠢᠴᠠᠭᠠᠵᠤ᠂ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ ᠡᠩᠨᠡᠭᠡ ᠶᠢᠨ ᠪᠣᠳᠠᠲᠤ ᠪᠠᠶᠢᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃      ᠲᠤᠰ ᠤᠳᠠᠭᠠᠨ ᠤ ᠰᠣᠷᠢᠯᠲᠠ ᠨᠢ ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠤᠨ ᠬᠠᠰᠢᠶᠠᠲᠤ ᠵᠠᠰᠠᠭ ᠵᠠᠬᠢᠷᠭᠠᠨ ᠤ ᠲᠣᠰᠬᠤᠨ ᠤ ᠳ᠋ᠦᠩ ᠱᠦᠢ ᠲᠧᠦ ᠠᠶᠢᠯ ᠲᠣᠰᠬᠤᠨ ᠳᠤ ᠰᠢᠷᠦᠭᠦᠨ ᠪᠣᠷᠣᠭᠠᠨ ᠤ ᠨᠥᠯᠥᠭᠡ ᠠᠴᠠ ᠪᠣᠯᠵᠤ ᠠᠭᠤᠯᠠᠨ ᠦᠶᠡᠷ ᠤᠨ ᠭᠠᠮᠰᠢᠭ ᠡᠭᠦᠰᠦᠭᠰᠡᠨ ᠪᠦᠬᠦ ᠶᠠᠪᠤᠴᠠ ᠶᠢ ᠳᠠᠭᠤᠷᠢᠶᠠᠨ ᠡᠬᠢᠯᠡᠭᠦᠯᠵᠦ᠂ ᠨᠢᠭᠡ ᠴᠠᠭ ᠤᠨ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ ᠲᠣᠬᠢᠷᠠᠭᠤᠯᠬᠤ ᠪᠠ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠪᠠᠷ ᠳᠠᠮᠵᠢᠭᠤᠯᠵᠤ᠂ ᠲᠦᠭᠰᠢᠭᠦᠷᠢᠲᠦ ᠪᠠᠶᠢᠳᠠᠯ ᠢ ᠡᠵᠡᠮᠳᠡᠪᠡ᠃      ᠪᠦᠬᠦ᠋ᠢᠯᠡ ᠰᠣᠷᠢᠯᠲᠠ ᠶᠢᠨ ᠶᠠᠪᠤᠴᠠ ᠨᠢ ᠨᠢᠭᠲᠠ ᠴᠢᠩᠭ᠎ᠠ ᠪᠠᠶᠢᠵᠤ᠂ ᠡᠯ᠎ᠡ ᠨᠢᠭᠡᠴᠢ ᠰᠡᠳᠬᠢᠯ ᠰᠠᠨᠠᠭ᠎ᠠ ᠪᠠᠨ ᠣᠯᠣᠯᠴᠠᠵᠤ᠂ ᠦᠳᠲᠡᠷ ᠲᠦᠷᠭᠡᠨ ᠲᠤᠰᠬᠠᠯ ᠭᠠᠷᠭᠠᠵᠤ᠂ ᠡᠮᠬᠢ ᠵᠢᠷᠤᠮ ᠲᠠᠢ ᠪᠠᠶᠢᠵᠤ᠂ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠰᠢᠰᠲ᠋ᠧᠮ ᠤᠨ ᠭᠡᠨᠡᠳᠲᠡ ᠶᠢᠨ ᠦᠶᠡᠷ ᠤᠨ ᠪᠠᠶᠢᠳᠠᠯ ᠲᠦᠭᠰᠢᠭᠦᠷᠢᠲᠦ ᠪᠠᠶᠢᠳᠠᠯ ᠢ ᠵᠣᠬᠢᠴᠠᠭᠤᠯᠤᠨ ᠬᠠᠮᠵᠢᠯᠴᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠢᠯᠡᠷᠡᠭᠦᠯᠪᠡ᠃      ᠰᠣᠷᠢᠯᠲᠠ ᠳᠠᠭᠤᠰᠤᠭᠰᠠᠨ ᠤ ᠳᠠᠷᠠᠭ᠎ᠠ᠂ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠣᠷᠢᠯᠲᠠ ᠨᠢ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠥᠯ ᠢ ᠪᠠᠶᠢᠴᠠᠭᠠᠨ ᠦᠵᠡᠬᠦ᠂ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠭᠠᠮᠰᠢᠭ ᠠᠴᠠ ᠠᠪᠤᠷᠠᠨ ᠲᠤᠰᠠᠯᠠᠵᠤ ᠰᠡᠷᠭᠡᠶᠢᠯᠡᠨ ᠠᠷᠭᠠᠴᠠᠬᠤ ᠪᠡᠯᠡᠳᠬᠡᠯ ᠢ ᠴᠢᠩᠭᠠᠷᠠᠭᠤᠯᠤᠨ᠂ ᠥᠷᠭᠡᠨ ᠣᠯᠠᠨ ᠺᠠᠳ᠋ᠷ᠂ ᠣᠯᠠᠨ ᠲᠦᠮᠡᠨ ᠤ ᠠᠭᠤᠯᠠᠨ ᠦᠶᠡᠷ ᠭᠠᠵᠠᠷ ᠤᠨ ᠭᠠᠮᠰᠢᠭ ᠢ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠬᠦ ᠳᠤ ᠠᠰᠢᠭᠲᠠᠢ ᠭᠡᠵᠡᠢ᠃  ︵ᠰᠤᠷᠪᠤᠯᠵᠢᠯᠠᠭᠴᠢ᠄   ᠶᠢᠨ ᠫᠢᠩ  ᠭᠦᠩ ᠨᠠᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号