ᠶᠠᠩ ᠰᠢᠩ ᠱᠧᠩ ᠮᠠᠨ ᠤ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠮᠠᠨ ᠤ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠵᠡᠭᠦᠨ᠂ ᠪᠠᠷᠠᠭᠤᠨ ᠰᠤᠷᠭᠠᠭᠤᠯᠢ ᠶᠢᠨ ᠲᠣᠭᠤᠷᠢᠭ ᠲᠤ ᠭᠦᠨᠵᠡᠭᠡᠶᠢᠷᠡᠵᠦ᠂ ᠮᠠᠨ ᠤ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠶᠠᠩ ᠰᠢᠩ ᠱᠧᠩ ᠰᠤᠷᠭᠠᠭᠤᠯᠢ ᠶᠢᠨ ᠬᠦᠷᠢᠶᠡᠨ ᠳᠤ ᠣᠷᠣᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠨ ᠤ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠳᠤᠲᠠᠭᠳᠠᠵᠤ ᠪᠣᠯᠣᠰᠢ ᠦᠭᠡᠢ ᠶᠤᠮ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠬᠤᠯᠠᠴᠢᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠵᠡᠯᠲᠡ ᠪᠠᠨ ᠬᠤᠪᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠭᠦᠨᠵᠡᠭᠡᠢ ᠣᠶᠢᠯᠠᠭᠠᠨ ᠲᠠᠨᠢᠬᠤ ᠪᠣᠯ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠪᠦᠲᠦᠭᠡᠨ ᠪᠠᠶᠢᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠰᠢᠶᠠᠨ ᠤ ᠵᠠᠰᠠᠭ ᠤᠨ ᠣᠷᠳᠣᠨ ᠪᠣᠯᠣᠨ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠮᠠᠨ ᠤ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠰᠢᠯᠲᠠᠭᠠᠨ ᠢ ᠭᠦᠨᠵᠡᠭᠡᠢ ᠵᠠᠳᠠᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠲᠠᠭᠤᠳᠠᠯ ᠢ ᠭᠦᠢᠴᠡᠳ ᠨᠥᠬᠦᠪᠦᠷᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠡᠩ ᠤᠨ ᠰᠤᠷᠭᠠᠨ ᠬᠥᠮᠦᠵᠢᠯ ᠪᠣᠯᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠵᠡᠷᠭᠡ ᠪᠠᠷ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠰᠠᠭᠤᠷᠢᠯᠠᠵᠤ᠂ ᠪᠠᠷᠠᠭᠠᠯᠬᠢᠯᠠᠯᠳᠤ ᠴᠢᠨᠠᠷ ᠪᠠ ᠬᠡᠷᠡᠭᠯᠡᠭᠡᠨ ᠤ ᠴᠢᠨᠠᠷ ᠲᠠᠢ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠦᠢᠯᠡᠰ ᠲᠤ ᠦᠢᠯᠡᠴᠢᠯᠡᠬᠦ ᠳᠡᠭᠡᠳᠦ ᠬᠡᠮᠵᠢᠶᠡᠨ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ ᠰᠤᠷᠤᠭᠴᠢᠳ ᠲᠤ ᠬᠠᠷᠢᠭᠤᠴᠠᠵᠤ᠂ ᠨᠡᠶᠢᠭᠡᠮ ᠳᠤ ᠬᠠᠷᠢᠭᠤᠴᠠᠵᠤ᠂ ᠴᠢᠨᠠᠷ ᠰᠠᠶᠢᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠬᠤ ᠳᠤᠮᠳᠠ ᠢᠯᠡᠷᠡᠭᠦᠯᠵᠦ᠂ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠢᠯᠡᠷᠡᠭᠦᠯᠵᠦ᠂ ᠮᠠᠨ ᠤ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠰᠢᠶᠠᠨ ᠤ ᠤᠳᠤᠷᠢᠳᠤᠯᠭ᠎ᠠ ᡁᠢ ᠵᠢᠶᠠᠨ ᠭᠠᠩ᠂ ᠶᠦᠨ ᠰᠢᠶᠣᠣ ᠮᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠬᠴᠢ᠄ ᠵᠧᠦ ᠶᠠᠨ᠂ ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号