ᠭᠡᠷ ᠬᠤᠳᠠᠯᠳᠤᠨ ᠠᠪᠬᠤ ᠲᠤᠬᠠᠢ ᠣᠯᠠᠨ ᠵᠦᠢᠯ ᠤᠨ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/5/20
     ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 17 ᠤ ᠡᠳᠦᠷ ᠮᠡᠳᠡᠭᠳᠡᠯ ᠨᠡᠶᠢᠲᠡᠯᠡᠵᠦ᠂ ᠵᠢᠭᠡᠯᠡᠯᠭᠡ ᠪᠠᠷ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠰᠠᠭᠤᠭᠠᠯᠢ ᠠᠷᠠᠳ ᠤᠨ ᠭᠡᠷ ᠪᠦᠯᠢ ᠶᠢᠨ ᠲᠦᠷᠦᠭᠦᠦ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ 15% ᠠᠴᠠ ᠳᠣᠣᠷ᠎ᠠ ᠦᠭᠡᠢ ᠪᠣᠯᠭᠠᠨ ᠲᠣᠬᠢᠷᠠᠭᠤᠯᠵᠤ᠂ ᠬᠤᠶᠠᠳᠤᠭᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ 25% ᠠᠴᠠ ᠳᠣᠣᠷ᠎ᠠ ᠦᠭᠡᠢ ᠪᠣᠯᠭᠠᠨ ᠲᠣᠬᠢᠷᠠᠭᠤᠯᠪᠠ᠃      ᠡᠨᠡᠬᠦ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠡᠯ᠎ᠡ ᠮᠤᠵᠢ ᠶᠢᠨ ᠱᠠᠲᠤᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠡᠯ᠎ᠡ ᠲᠣᠮᠢᠯᠠᠭᠰᠠᠨ ᠪᠠᠶᠢᠭᠤᠯᠤᠮᠵᠢ ᠨᠤᠭᠤᠳ ᠬᠤᠲᠠ ᠶᠢᠨ ᠵᠠᠰᠠᠭ ᠤᠨ ᠣᠷᠳᠣᠨ ᠤ ᠲᠣᠬᠢᠷᠠᠭᠤᠯᠭ᠎ᠠ ᠡᠵᠡᠮᠰᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠤᠨ ᠶᠣᠰᠣᠭᠠᠷ᠂ ᠬᠠᠷᠢᠶ᠎ᠠ ᠣᠷᠣᠨ ᠤ ᠡᠯ᠎ᠡ ᠬᠤᠲᠠ ᠶᠢᠨ ᠲᠦᠷᠦᠭᠦᠦ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠤᠨ ᠳᠣᠣᠷ᠎ᠠ ᠬᠢᠵᠠᠭᠠᠷ ᠢ ᠡᠵᠡᠨ ᠮᠡᠳᠡᠨ ᠲᠣᠭᠲᠠᠭᠠᠬᠤ ᠬᠡᠷᠡᠭᠲᠡᠢ᠃      ᠳᠤᠮᠳᠠᠳᠤ ᠤᠯᠤᠰ ᠤᠨ ᠠᠷᠠᠳ ᠤᠨ ᠪᠠᠩᠬᠢ 17 ᠤ ᠡᠳᠦᠷ ︽ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ ᠂ ᠪᠦᠭᠦ ᠤᠯᠤᠰ ᠤᠨ ᠠᠩᠬᠠᠳᠠᠭᠴᠢ ᠣᠷᠣᠨ ᠰᠠᠭᠤᠴᠠ ᠪᠠ ᠬᠤᠶᠠᠳᠠᠭᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠣᠣᠷᠠᠳᠤ ᠬᠢᠵᠠᠭᠠᠷ ᠢ ᠬᠦᠴᠦᠨ ᠦᠭᠡᠢ ᠪᠣᠯᠭᠠᠪᠠ᠃      ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ 17 ᠤ ᠡᠳᠦᠷ ᠮᠡᠳᠡᠭᠳᠡᠯ ᠨᠡᠶᠢᠲᠡᠯᠡᠵᠦ᠂ 2024 ᠣᠨ ᠤ 5 ᠰᠠᠷ᠎ᠠ ᠶᠢᠨ 18 ᠤ ᠡᠳᠦᠷ ᠠᠴᠠ ᠡᠬᠢᠯᠡᠨ᠂ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0.25 ᠵᠠᠭᠤᠨ ᠤ ᠨᠢᠭᠡᠴᠢ ᠪᠠᠭᠤᠷᠠᠭᠤᠯᠵᠤ᠂ 5 ᠵᠢᠯ ᠠᠴᠠ ᠳᠣᠷᠣᠭᠰᠢ (5 ᠵᠢᠯ ᠢ ᠪᠠᠭᠲᠠᠭᠠᠨ᠎ᠠ) ᠪᠠ 5 ᠵᠢᠯ ᠠᠴᠠ ᠳᠡᠭᠡᠭᠰᠢᠬᠢ ᠠᠩᠬᠠᠳᠠᠭᠴᠢ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2.35% ᠪᠠ 2.85% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠣᠭᠰᠢ (5 ᠵᠢᠯ ᠢ ᠪᠠᠭᠲᠠᠭᠠᠨ᠎ᠠ) ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2.775% ᠪᠠ 3.325% ᠠᠴᠠ ᠳᠣᠣᠷ᠎ᠠ ᠦᠭᠡᠢ ᠪᠣᠯᠭᠠᠨ ᠲᠣᠬᠢᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号