ᠲᠠᠯᠠᠨ ᠬᠠᠷ᠎ᠠ ᠰᠢᠶᠠᠩ ᠤᠨ ᠬᠠᠤᠯᠢ ᠴᠠᠭᠠᠵᠠ ᠶᠢᠨ ᠭᠠᠵᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/5/21
     ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠳᠠᠯᠠᠨ ᠬᠠᠷ᠎ᠠ ᠰᠢᠶᠠᠩ ᠤᠨ ᠬᠠᠤᠯᠢ ᠴᠠᠭᠠᠵᠠ ᠶᠢᠨ ᠭᠠᠵᠠᠷ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠬᠡᠷᠡᠭᠵᠢᠭᠦᠯᠦᠭᠰᠡᠨ ᠬᠤᠶᠠᠷ ᠵᠢᠯ ᠤᠨ ᠤᠢ ᠵᠢᠴᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠲᠣᠰᠬᠤᠨ ᠤ ᠠᠷᠠᠳ ᠤᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠶᠢᠨ ᠬᠠᠮᠲᠤ ᠬᠠᠤᠯᠢ ᠶᠣᠰᠣᠭᠠᠷ ᠵᠠᠬᠢᠳᠠᠯ ᠰᠣᠷᠪᠤᠯᠵᠢᠯᠠᠭ᠎ᠠ ᠶᠢᠨ ᠦᠵᠡᠯ ᠤᠬᠠᠮᠰᠠᠷ ᠢ ᠴᠢᠩᠭᠠᠳᠬᠠᠪᠠ᠃      ᠲᠠᠯᠠᠨ ᠬᠠᠷ᠎ᠠ ᠰᠢᠶᠠᠩ ᠤᠨ ᠬᠠᠤᠯᠢ ᠴᠠᠭᠠᠵᠠ ᠶᠢᠨ ᠭᠠᠵᠠᠷ ᠬᠠᠷᠢᠶ᠎ᠠ ᠣᠷᠣᠨ ᠤ ᠪᠠᠨ ᠡᠯ᠎ᠡ ᠲᠣᠰᠬᠤᠨ ᠤ ᠬᠤᠶᠠᠷ ᠵᠥᠪᠯᠡᠯ ᠤᠨ ᠪᠦᠷᠢᠯᠳᠦᠭᠦᠨ ᠵᠢᠴᠢ ᠲᠣᠰᠬᠤᠨ ᠤ ᠠᠷᠠᠳ ᠤᠨ ᠲᠥᠯᠥᠭᠡᠯᠡᠭᠴᠢ ᠶᠢ ᠴᠤᠭᠯᠠᠭᠤᠯᠵᠤ᠂ ᠰᠢᠶᠠᠩ ᠤᠨ ᠵᠠᠰᠠᠭ ᠤᠨ ᠣᠷᠳᠣᠨ ᠤ ᠬᠤᠷᠠᠯ ᠤᠨ ᠭᠡᠷ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠬᠢᠵᠡᠢ᠃ ᠲᠠᠶᠢᠯᠤᠮᠵᠢ ᠨᠢ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠺᠠᠩ ᠶᠧ ᠨᠥᠬᠦᠷ ᠠᠴᠠ ᠭᠤᠣᠯᠯᠠᠨ ᠶᠠᠷᠢᠵᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠭᠤᠣᠯᠳᠠᠯᠭ᠎ᠠ ᠶᠢ ᠨᠠᠷᠢᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠲᠤ ᠡᠷᠬᠢᠮ ᠨᠠᠨᠳᠢᠨ ᠬᠠᠤᠯᠢ ᠴᠠᠭᠠᠵᠠ ᠶᠢᠨ ᠮᠡᠳᠡᠯᠭᠡ ᠪᠠ ᠦᠢᠯᠡᠳᠦᠯᠭᠡ ᠶᠢᠨ ᠲᠤᠷᠰᠢᠯᠭ᠎ᠠ ᠬᠠᠩᠭᠠᠭᠰᠠᠨ ᠪᠠᠶᠢᠨ᠎ᠠ᠃     ᠠᠵᠢᠯᠯᠠᠭ᠎ᠠ ᠶᠢᠨ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠲᠣᠰᠬᠤᠨ ᠤ ᠠᠷᠠᠳ ᠢᠳᠡᠪᠬᠢᠲᠡᠢ ᠣᠷᠣᠯᠴᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠪᠣᠯᠣᠨ ᠲᠤᠬᠠᠢ ᠶᠢᠨ ᠲᠠᠯᠠᠪᠠᠢ ᠶᠢᠨ ᠠᠰᠠᠭᠤᠨ ᠯᠠᠪᠯᠠᠬᠤ ᠭᠤᠭᠴᠤᠭ᠎ᠠ ᠳᠤ ᠭᠦᠨ ᠵᠤᠵᠠᠭᠠᠨ ᠳᠤᠷ᠎ᠠ ᠰᠣᠨᠢᠷᠬᠠᠯ ᠲᠠᠢ ᠪᠠᠶᠢᠯ᠎ᠠ᠃ ᠮᠠᠰᠢ ᠣᠯᠠᠨ ᠲᠣᠰᠬᠤᠨ ᠤ ᠠᠷᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠲᠡᠳᠡ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠳᠤ ᠨᠠᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠪᠥᠭᠡᠳ ᠪᠠᠰᠠ ᠬᠠᠤᠯᠢ ᠶᠣᠰᠣᠭᠠᠷ ᠵᠠᠬᠢᠳᠠᠯ ᠰᠣᠷᠪᠤᠯᠵᠢᠯᠠᠭ᠎ᠠ ᠶᠢᠨ ᠴᠢᠬᠤᠯᠠ ᠴᠢᠨᠠᠷ ᠢ ᠨᠠᠩ ᠲᠣᠳᠣᠷᠬᠠᠢ ᠣᠶᠢᠯᠠᠭᠠᠭᠰᠠᠨ ᠪᠠᠶᠢᠨ᠎ᠠ᠃ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠪᠢᠳᠡ ᠮᠠᠰᠢ ᠤᠯᠠᠨ ᠲᠣᠰᠬᠤᠨ ᠤ ᠠᠷᠠᠳ ᠤᠨ ᠢᠳᠡᠪᠬᠢᠲᠡᠢ ᠬᠠᠷᠢᠭᠤ ᠲᠤᠰᠬᠠᠯ ᠢ ᠣᠯᠵᠤ᠂ ᠬᠠᠤᠯᠢ ᠴᠠᠭᠠᠵᠠ ᠶᠢᠨ ᠭᠠᠵᠠᠷ ᠤᠨ ᠡᠨᠡ ᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠶᠠᠪᠤᠳᠠᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃      ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠤᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠲᠤᠬᠠᠢ ᠲᠠᠨᠢᠯᠲᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠡᠳᠡᠨ ᠤ ᠬᠠᠤᠯᠢ ᠶᠣᠰᠣᠭᠠᠷ ᠵᠠᠬᠢᠳᠠᠯ ᠰᠣᠷᠪᠤᠯᠵᠢᠯᠠᠭ᠎ᠠ ᠶᠢᠨ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠡᠢ᠃ ᠳᠠᠷᠠᠭᠠᠴᠢ ᠶᠢᠨ ᠠᠯᠬᠤᠮ ᠳᠤ᠂ ᠲᠠᠯᠠᠨ ᠬᠠᠷ᠎ᠠ ᠰᠢᠶᠠᠩ ᠤᠨ ᠬᠠᠤᠯᠢ ᠴᠠᠭᠠᠵᠠ ᠶᠢᠨ ᠭᠠᠵᠠᠷ ᠤᠨ ᠬᠢᠨ ᠦᠷᠭᠦᠯᠵᠢᠯᠡᠨ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠣᠰᠬᠤᠨ ᠤ ᠠᠷᠠᠳ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠨᠡᠩ ᠤᠯᠠᠨ ᠬᠠᠨᠳᠤᠯᠭᠠᠲᠤ ᠴᠢᠨᠠᠷᠲᠠᠢ ᠬᠠᠤᠯᠢ ᠴᠠᠭᠠᠵᠠ ᠶᠢᠨ ᠦᠢᠯᠡᠴᠢᠯᠡᠭᠡ ᠪᠣᠯᠣᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠬᠠᠩᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠠᠬᠢᠴᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号