ᠦᠴᠦᠸᠠᠨ ᠰᠢᠶᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/5/21
     ᠵᠠᠯᠠᠭᠤᠴᠤᠳ ᠪᠠᠭᠠᠴᠤᠳ ᠢ ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠬᠤ ᠶᠢᠨ ᠲᠥᠯᠥᠭᠡ᠂ 5 ᠰᠠᠷ᠎ᠠ ᠶᠢᠨ 17 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠢᠶᠠᠨ ᠤ ᠡᠪᠯᠡᠯ ᠤᠨ ᠬᠤᠷᠢᠶ᠎ᠠ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ︽ᠭᠲ᠋ᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠡᠷᠭᠢᠯᠡᠪᠡ᠃
     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠳᠤ ᠪᠥᠬᠦ ᠰᠢᠶᠠᠨ ᠤ ᠡᠯ᠎ᠡ ᠰᠤᠷᠭᠠᠭᠤᠯᠢ ᠶᠢᠨ 17 ᠪᠠᠭᠰᠢ ᠠᠵᠢᠯᠲᠠᠨ ᠣᠷᠣᠯᠴᠠᠪᠠ᠂ ᠲᠡᠳᠡ ᠣᠷᠭᠢᠯᠤᠮ᠎ᠠ ᠬᠠᠯᠠᠭᠤᠨ ᠰᠡᠳᠬᠢᠯᠭᠡ ᠪᠠ ᠴᠢᠩ ᠦᠨᠡᠨᠴᠢ ᠰᠡᠳᠬᠢᠯᠭᠡ ᠪᠠᠷ ᠣᠶᠢᠷ᠎ᠠ ᠶᠢᠨ ᠵᠢᠯ ᠤᠨ ᠲᠤᠷᠰᠢᠬᠢ ᠦᠴᠦᠸᠠᠨ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠣᠲᠣᠨᠣ ᠶᠠᠪᠤᠯᠴᠠᠵᠤ᠂ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠥᠯᠢᠭᠡᠷ ᠢ ᠶᠠᠷᠢᠭᠰᠠᠨ ᠪᠥᠭᠡᠳ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠳᠠᠯᠢ ᠪᠤᠰᠤ ᠬᠠᠷᠠᠭᠠᠰᠤ ᠠᠴᠠ ᠦᠨᠳᠦᠰᠦᠲᠡᠨ ᠤ ᠪᠦᠯᠬᠦᠮᠳᠡᠯ ᠤᠨ ᠲᠤᠬᠠᠢ ᠣᠶᠢᠯᠠᠭᠠᠯᠲᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠲᠠᠶᠢᠯᠪᠤᠷᠢᠯᠠᠵᠠᠢ᠃      ᠤᠷᠤᠯᠳᠤᠭᠠᠨ ᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠭᠤᠶᠢᠳᠠ ᠰᠠᠶᠢᠬᠠᠨ ᠪᠠᠶᠢᠯ᠎ᠠ᠃ ᠤᠬᠠᠭᠤᠯᠤᠨ ᠲᠠᠶᠢᠯᠪᠤᠷᠢᠯᠠᠭᠴᠢᠳ ᠤᠨ ᠦᠭᠡ ᠬᠡᠯᠡ ᠨᠢ ᠪᠣᠷᠣᠭᠵᠢᠭᠤᠨ᠂ ᠠᠭᠤᠯᠭ᠎ᠠ  ᠨᠢ ᠦᠨᠡᠨ ᠪᠣᠳᠠᠲᠠᠢ ᠪᠠᠶᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠰᠢᠯᠭᠠᠷᠠᠭᠤᠯᠬᠤ ᠺᠣᠮᠢᠰ ᠤᠨ ᠪᠠᠭᠰᠢ ᠤᠬᠠᠭᠤᠯᠤᠨ ᠲᠠᠶᠢᠯᠪᠤᠷᠢᠯᠠᠬᠤ ᠠᠭᠤᠯᠭ᠎ᠠ᠂ ᠦᠭᠡ ᠬᠡᠯᠡᠨ ᠤ ᠢᠯᠡᠳᠬᠡᠯ᠂ ᠳᠦᠷᠢ ᠲᠥᠷᠬᠦ ᠶᠢᠨ ᠢᠯᠡᠷᠡᠯ᠂ ᠢᠯᠡᠷᠡᠭᠦᠯᠬᠦ ᠬᠡᠯᠪᠡᠷᠢ ᠪᠠ ᠶᠠᠷᠢᠭᠰᠠᠨ ᠦᠷ᠎ᠡ ᠪᠦᠲᠦᠮᠵᠢ ᠵᠡᠷᠭᠡ ᠣᠯᠠᠨ ᠲᠠᠯ᠎ᠠ ᠠᠴᠠ ᠤᠷᠤᠯᠳᠤᠭᠠᠨ ᠳᠤ ᠣᠷᠣᠯᠴᠠᠭᠰᠠᠳ ᠲᠤ ᠡᠷᠬᠡ ᠲᠡᠭᠰᠢ᠂ ᠲᠥᠪ ᠭᠤᠤᠯᠴᠢ ᠬᠤᠪᠢ ᠲᠣᠭᠲᠠᠭᠠᠵᠤ᠂ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ 2 ᠨᠡᠷᠡᠰ᠂ ᠬᠤᠶᠠᠳᠤᠭᠠᠷ ᠳᠡᠰ ᠤᠨ ᠱᠠᠩᠨᠠᠯ 3 ᠨᠡᠷᠡᠰ᠂ ᠭᠤᠷᠪᠠᠳᠤᠭᠠᠷ ᠳᠡᠰ ᠤᠨ ᠱᠠᠩᠨᠠᠯ 5 ᠨᠡᠷᠡᠰ᠂ ᠰᠢᠯᠢᠳᠡᠭ ᠱᠠᠩᠨᠠᠯ 7 ᠨᠡᠷᠡᠰ ᠰᠢᠯᠭᠠᠷᠠᠭᠤᠯᠪᠠ᠃
     ᠦᠴᠦᠸᠠᠨ ᠰᠢᠶᠠᠨ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠨ᠎ᠠ᠃  ︵ᠰᠤᠷᠪᠤᠯᠵᠢᠯᠠᠭᠴᠢ᠄ ᠫᠠᠨ ᠲᠢᠩ  ᠴᠢᠶᠣᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号