ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
     ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠭᠦᠨᠵᠡᠭᠡᠢ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠳᠤ ᠤᠯᠠᠮ ᠨᠢᠭᠡ ᠠᠯᠬᠤᠮ ᠠᠭᠤᠰᠤᠯᠴᠠᠭᠤᠯᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠮᠠᠨ ᠤ ᠵᠥᠪᠯᠡᠯ ᠤᠨ ᠤᠳᠤᠷᠢᠳᠬᠤ ᠪᠠᠭ ᠪᠣᠯᠣᠨ ᠪᠦᠬᠦ ᠺᠠᠳ᠋ᠷ ᠠᠵᠢᠯᠲᠠᠨ ᠠᠵᠢᠯᠴᠢᠨ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠨᠢ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠶᠢ ᠮᠡᠳᠡᠷᠡᠵᠦ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠪᠦᠬᠦ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠦᠲᠦᠭᠡᠨ ᠪᠠᠶᠢᠭᠤᠯᠬᠤ︾ ᠵᠣᠬᠢᠶᠠᠯ ᠢ ᠰᠤᠷᠤᠯᠴᠠᠭᠤᠯᠵᠤ᠂ ᠪᠠᠶᠢᠭᠤᠯᠭ᠎ᠠ ᠶᠢᠨ ᠺᠠᠳ᠋ᠷᠴᠤᠳ ᠢ ᠤᠯᠠᠮ ᠴᠢᠨᠠᠭᠰᠢᠳᠠ ᠬᠥᠲᠥᠯᠥᠨ ᠵᠢᠯᠤᠭᠤᠳᠴᠤ ᠪᠠᠶᠢᠭᠠᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠳᠡᠭ ᠢ ᠭᠦᠨᠵᠡᠭᠡᠢ ᠣᠶᠢᠯᠠᠭᠠᠭᠤᠯᠪᠠ᠃      ᠲᠣᠰ ᠤᠳᠠᠭᠠᠨ ᠤ ᠠᠵᠢᠯᠯᠠᠭ᠎ᠠ ᠳᠤ᠂ ᠮᠠᠨ ᠤ ᠵᠥᠪᠯᠡᠯ ᠤᠨ ᠺᠠᠳ᠋ᠷ ᠠᠵᠢᠯᠲᠠᠨ ᠠᠵᠢᠯᠴᠢᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠦᠲᠦᠭᠡᠨ ᠪᠠᠶᠢᠭᠤᠯᠬᠤ︾ ᠪᠣᠯ ᠥᠪᠥᠷ ᠮᠣᠩᠭᠤᠯ ᠤᠨ ᠬᠤᠴᠤᠷᠤᠩᠭᠤᠢ ᠳᠦᠷᠰᠦ ᠪᠠᠶᠢᠳᠠᠯ ᠢ ᠬᠤᠪᠢᠷᠠᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠲᠥᠪᠯᠡᠷᠡᠭᠦᠯᠦᠨ ᠳᠡᠯᠭᠡᠨ ᠦᠵᠡᠭᠦᠯᠬᠦ ᠶᠠᠪᠤᠳᠠᠯ ᠮᠥᠨ᠂ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠲᠡᠦᠬᠡ ᠶᠢᠨ ᠭᠡᠷᠡᠴᠢ ᠮᠥᠨ᠂ ᠪᠠᠰᠠ ᠴᠤ ᠨᠠᠮ ᠪᠠ ᠤᠯᠤᠰ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠭᠦᠨᠵᠡᠭᠡᠢ ᠣᠶᠢᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号