ᠦᠴᠦᠸᠠᠨ ᠰᠢᠶᠠᠨ ᠤ 2024 ᠣᠨ ᠤ ︽ᠬᠤᠶᠠᠷ ᠬᠠᠤᠯᠢ ᠶᠢ ᠤᠬᠠᠭᠤᠯᠤᠨ ᠲᠠᠶᠢᠯᠪᠤᠷᠢᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/5/22
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠭᠡᠷ ᠤᠨ ᠠᠬᠠᠮᠠᠳ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ︽ᠬᠠᠤᠯᠢ ᠶᠣᠰᠣᠭᠠᠷ ᠬᠥᠮᠥᠨ ᠢ ᠬᠥᠮᠥᠵᠢᠭᠦᠯᠬᠦ ᠬᠠᠮᠲᠤᠷᠠᠯᠴᠠᠨ ᠬᠥᠮᠥᠨ ᠢ ᠬᠥᠮᠥᠵᠢᠭᠦᠯᠬᠦ︾ ᠭᠤᠣᠯ ᠰᠡᠳᠦᠪ ᠢ ᠦᠨᠳᠦᠰᠦᠯᠡᠨ᠂ 5 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠭᠡᠷ ᠤᠨ ᠠᠬᠠᠮᠠᠳ ᠤᠨ ᠰᠤᠷᠭᠠᠭᠤᠯᠢ ᠳᠥᠷᠪᠡᠳᠦᠭᠡᠷ ᠪᠠᠭ᠎ᠠ ᠰᠤᠷᠭᠠᠭᠤᠯᠢ ᠳᠤ 2024 ᠣᠨ ᠤ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠥᠬᠡᠬᠤᠲᠠ ᠶᠢᠨ ᠭᠡᠷ ᠤᠨ ᠠᠬᠠᠮᠠᠳ ᠤᠨ ᠰᠤᠷᠭᠠᠭᠤᠯᠢ ᠶᠢᠨ ᠶᠡᠷᠦᠩᠬᠡᠢ ᠰᠤᠷᠭᠠᠭᠤᠯᠢ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠰᠢᠶᠠᠨ ᠤ ᠡᠪᠯᠡᠯ ᠤᠨ ᠬᠤᠷᠢᠶ᠎ᠠ ᠵᠢᠴᠢ ᠡᠯ᠎ᠡ ᠰᠤᠷᠭᠠᠭᠤᠯᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠳᠥᠷᠪᠡᠳᠦᠭᠡᠷ ᠪᠠᠭ᠎ᠠ ᠰᠤᠷᠭᠠᠭᠤᠯᠢ ᠶᠢᠨ ᠭᠤᠷᠪᠠ ᠠᠴᠠ ᠲᠠᠪᠤᠳᠤᠭᠠᠷ ᠣᠨ ᠤ 17 ᠠᠩᠭᠢ ᠶᠢᠨ 350 ᠭᠠᠷᠤᠢ ᠰᠤᠷᠤᠭᠴᠢ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠨᠢ ᠭᠡᠷ ᠪᠦᠯᠢ ᠶᠢᠨ ᠬᠠᠮᠠᠭᠠᠯᠠᠯᠲᠠ᠂ ᠰᠤᠷᠭᠠᠭᠤᠯᠢ ᠶᠢᠨ ᠬᠠᠮᠠᠭᠠᠯᠠᠯᠲᠠ᠂ ᠨᠡᠶᠢᠭᠡᠮ ᠤᠨ ᠬᠠᠮᠠᠭᠠᠯᠠᠯᠲᠠ᠂ ᠰᠦᠯᠵᠢᠶᠡᠨ ᠤ ᠬᠠᠮᠠᠭᠠᠯᠠᠯᠲᠠ᠂ ᠵᠠᠰᠠᠭ ᠤᠨ ᠣᠷᠳᠣᠨ ᠤ ᠬᠠᠮᠠᠭᠠᠯᠠᠯᠲᠠ᠂ ᠬᠠᠤᠯᠢ ᠴᠠᠭᠠᠵᠠ ᠶᠢᠨ ᠬᠠᠮᠠᠭᠠᠯᠠᠯᠲᠠ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠲᠤᠯᠤᠭᠠᠨ ᠲᠠᠯ᠎ᠠ ᠪᠠᠷ ᠰᠠᠨᠠᠭᠠᠴᠢᠯᠠᠭ᠎ᠠ ᠳᠤᠷᠠᠳᠴᠤ᠂ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢ ᠤᠷᠢᠶᠠᠯᠠᠪᠠ᠃ ᠦᠴᠦᠸᠠᠨ ᠰᠢᠶᠠᠨ ᠤ  ᠭᠡᠷ ᠤᠨ ᠠᠬᠠᠮᠠᠳ ᠤᠨ ᠰᠤᠷᠭᠠᠭᠤᠯᠢ ᠶᠢᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠬᠤᠶᠠᠷ ᠬᠠᠤᠯᠢ ᠴᠠᠭᠠᠵᠠ ᠲᠠᠢ ᠤᠶᠠᠯᠳᠤᠭᠤᠯᠤᠨ ︽ᠬᠠᠤᠯᠢ ᠶᠣᠰᠣᠭᠠᠷ ᠬᠥᠮᠥᠨ ᠢ ᠬᠥᠮᠥᠵᠢᠭᠦᠯᠬᠦ ᠬᠠᠮᠲᠤᠷᠠᠯᠴᠠᠨ ᠬᠥᠮᠥᠨ ᠢ ᠬᠥᠮᠥᠵᠢᠭᠦᠯᠬᠦ︾ ᠲᠤᠰᠬᠠᠢ ᠰᠡᠳᠦᠪᠲᠦ ᠲᠠᠶᠢᠯᠤᠮᠵᠢ ᠬᠢᠵᠦ᠂ ᠬᠡᠷᠡᠭ ᠤᠨ ᠵᠢᠱᠢᠶ᠎ᠡ ᠶᠢ ᠬᠡᠷᠡᠭᠯᠡᠨ᠂ ᠣᠨᠣᠯ ᠢ ᠪᠣᠳᠠᠲᠠᠢ ᠲᠠᠢ ᠤᠶᠠᠯᠳᠤᠭᠤᠯᠵᠤ᠂ ᠲᠤᠬᠠᠢ ᠶᠢᠨ ᠲᠠᠯᠠᠪᠤᠷ ᠲᠤ ᠰᠤᠷᠤᠭᠴᠢᠳ ᠲᠠᠢ ᠬᠥᠳᠡᠯᠦᠯᠴᠡᠪᠡ᠃ ᠭᠡᠷ ᠪᠦᠯᠢ ᠶᠢᠨ ᠰᠤᠷᠭᠠᠨ ᠬᠥᠮᠦᠵᠢᠯ ᠪᠣᠯ ᠰᠠᠭᠤᠷᠢ ᠮᠥᠨ᠂ ᠰᠤᠷᠭᠠᠭᠤᠯᠢ ᠶᠢᠨ ᠰᠤᠷᠭᠠᠨ ᠬᠥᠮᠦᠵᠢᠯ ᠪᠣᠯ ᠵᠠᠩᠭᠢᠯᠠᠭ᠎ᠠ ᠮᠥᠨ᠂ ᠨᠡᠶᠢᠭᠡᠮ ᠤᠨ ᠰᠤᠷᠭᠠᠨ ᠬᠥᠮᠦᠵᠢᠯ ᠪᠣᠯ ᠨᠥᠬᠦᠪᠦᠷᠢ ᠮᠥᠨ᠂ ᠭᠤᠷᠪᠠᠭᠤᠯᠠ ᠶᠢ ᠨᠢᠭᠲᠠ ᠤᠶᠠᠯᠳᠤᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠪᠠᠯ ᠰᠠᠶ᠋ᠢ ᠨᠠᠰᠤᠨ ᠳᠤ ᠦᠯᠦ ᠬᠦᠷᠦᠭᠰᠡᠳ ᠲᠤ ᠰᠠᠶᠢᠨ ᠰᠠᠶᠢᠬᠠᠨ ᠦᠰᠦᠨ ᠪᠣᠶᠢᠵᠢᠬᠤ ᠣᠷᠴᠢᠨ ᠨᠥᠬᠦᠴᠡᠯ ᠢ ᠪᠦᠷᠢᠯᠳᠦᠭᠦᠯᠵᠦ ᠴᠢᠳᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号