ᠬᠤᠭᠤᠯᠠᠢ ᠠᠭᠤᠯᠠ ᠰᠢᠶᠠᠩ ᠤᠨ ᠬᠠᠤᠯᠢ ᠴᠠᠭᠠᠵᠠ ᠶᠢᠨ ᠭᠠᠵᠠᠷ ᠪᠦᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠶᠢ ᠰᠠᠬᠢᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
     ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠭᠤᠯᠠᠢ ᠠᠭᠤᠯᠠ ᠰᠢᠶᠠᠩ ᠤᠨ ᠬᠠᠤᠯᠢ ᠴᠠᠭᠠᠵᠠ ᠶᠢᠨ ᠭᠠᠵᠠᠷ ᠬᠢᠭᠡᠳ ᠰᠢᠶᠠᠩ ᠤᠨ ᠠᠮᠤᠷ ᠲᠦᠪᠰᠢᠨ ᠤ ᠠᠯᠪᠠᠨ ᠭᠡᠷ᠂ ᠲᠣᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠥᠴᠢᠷ ᠬᠠᠮᠲᠤᠷᠠᠨ ᠪᠥᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠶᠢ ᠰᠠᠬᠢᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠬᠢᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠮᠪᠠᠷ᠎ᠠ ᠦᠢᠯᠡᠳᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠶᠢ ᠪᠠᠭᠲᠠᠭᠠᠵᠤ᠂ ᠤᠬᠠᠭᠤᠯᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠣᠯᠠᠨ ᠬᠠᠤᠯᠢ ᠴᠠᠭᠠᠵᠠ ᠶᠢᠨ ᠬᠦᠷᠢᠶ᠎ᠡ ᠶᠢ ᠬᠠᠮᠤᠷᠴᠠᠢ᠃ ᠠᠵᠢᠯᠯᠠᠭ᠎ᠠ ᠨᠢ ᠪᠦᠬᠦ ᠰᠢᠶᠠᠩ ᠤᠨ ᠣᠯᠠᠨ ᠲᠦᠮᠡᠨ ᠤ ᠢᠳᠡᠪᠬᠢᠲᠡᠢ ᠬᠦᠷᠢᠶᠡᠯᠡᠯ ᠢ ᠣᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠲᠦᠮᠡᠨ ᠦᠵᠡᠭᠦᠯᠦᠯᠭᠡ ᠶᠢᠨ ᠰᠠᠮᠪᠠᠷ᠎ᠠ ᠶᠢ ᠰᠣᠨᠢᠷᠬᠠᠵᠤ᠂ ᠤᠬᠠᠭᠤᠯᠭ᠎ᠠ ᠶᠢᠨ ᠭᠠᠷ ᠳᠡᠪᠲᠡᠷ ᠢ ᠠᠪᠴᠤ᠂ ᠬᠠᠷᠢᠯᠴᠠᠨ ᠬᠥᠳᠡᠯᠦᠯᠴᠡᠬᠦ ᠭᠤᠭᠴᠤᠭ᠎ᠠ ᠳᠤ ᠢᠳᠡᠪᠬᠢᠲᠡᠢ ᠣᠷᠣᠯᠴᠠᠪᠠ᠃ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ ᠲᠡᠳᠡ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠳᠤ ᠨᠡᠩ ᠴᠢᠩᠭ᠎ᠠ ᠮᠡᠳᠡᠷᠡᠬᠦ ᠲᠥᠷᠥᠭᠳᠡᠯ ᠲᠠᠢ ᠪᠣᠯᠵᠠᠢ᠃      ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢᠨ ᠶᠠᠪᠤᠴᠠ ᠳᠤ᠂ ᠬᠠᠤᠯᠢ ᠶᠢ ᠲᠦᠭᠡᠮᠡᠯᠵᠢᠭᠦᠯᠵᠦ ᠬᠠᠤᠯᠢ ᠶᠢ ᠰᠠᠬᠢᠬᠤ ᠤᠬᠠᠭᠤᠯᠭ᠎ᠠ ᠶᠢᠨ ᠠᠵᠢᠯᠯᠠᠭ᠎ᠠ ᠨᠢ ᠨᠡᠩ ᠴᠢᠬᠤᠯᠠ ᠪᠣᠯᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠤᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠭᠤᠯᠭ᠎ᠠ ᠶᠢ ᠪᠠᠶᠠᠯᠢᠭᠵᠢᠭᠤᠯᠵᠤ᠂ ᠬᠡᠯᠪᠡᠷᠢ ᠶᠢᠨ ᠰᠢᠨ᠎ᠡ ᠶᠢ ᠡᠭᠦᠳᠴᠦ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ᠬᠠᠤᠯᠢ ᠴᠠᠭᠠᠵᠠ ᠶᠢᠨ ᠮᠡᠳᠡᠯᠭᠡ ᠶᠢ ᠥᠷᠭᠡᠨ ᠢᠶᠠᠷ ᠤᠬᠠᠭᠤᠯᠬᠤ ᠪᠠᠷ ᠴᠢᠷᠮᠠᠶᠢᠵᠤ᠂ ᠡᠭᠦᠨ ᠤ ᠤᠯᠠᠮ ᠠᠴᠠ ᠤᠯᠠᠨ ᠲᠦᠮᠡᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠠᠷᠠᠳ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号