ᠮᠠᠨ ᠤ ᠣᠷᠣᠨ ᠲᠡᠰ ᠲᠦᠷᠦᠯ ᠬᠤᠪᠢᠶᠠᠨ ᠬᠢᠨᠠᠨ ᠬᠠᠮᠢᠶᠠᠷᠴᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢ ᠲᠠᠢ ᠡᠵᠡᠩᠨᠡᠯᠲᠡ ᠬᠢᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/5/22
     ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ︾ ᠢ ᠭᠦᠨᠵᠡᠭᠡᠢ ᠬᠡᠷᠡᠭᠵᠢᠭᠦᠯᠦᠨ᠂ ᠢᠲᠡᠭᠡᠮᠵᠢ ᠪᠠᠷ ᠭᠤᠣᠯ ᠪᠤᠯᠭᠠᠬᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠ ᠵᠠᠰᠠᠯᠲᠠ ᠶᠢᠨ ᠵᠠᠭᠪᠤᠷ ᠢ ᠢᠳᠡᠪᠬᠢᠲᠡᠢ ᠪᠠᠶᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠯᠠᠪᠳᠠᠭᠤᠨ ᠪᠠᠲᠤᠲᠠᠢ ᠠᠬᠢᠭᠤᠯᠤᠨ᠂ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠠᠰᠤᠷᠠᠯᠲᠠ ᠦᠭᠡᠢ ᠪᠦᠷᠢᠨᠰᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠢᠲᠡᠭᠡᠮᠵᠢ ᠶᠢᠨ ᠣᠷᠴᠢᠨ ᠨᠥᠬᠦᠴᠡᠯ ᠢ ᠰᠠᠶᠢᠲᠤᠷ ᠬᠠᠮᠠᠭᠠᠯᠠᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ᠂ ᠭᠤᠷᠪᠠᠳᠠᠭᠢ ᠡᠲᠡᠭᠡᠳ ᠤᠨ ᠨᠢᠭᠲᠠᠯᠠᠨ ᠪᠤᠳᠤᠬᠴᠢ ᠶᠢᠨ ᠬᠡᠷᠡᠭ ᠡᠷᠭᠢᠯᠡᠭᠦ ᠭᠠᠵᠠᠷ ᠢ ᠰᠣᠩᠭᠤᠨ ᠤᠷᠢᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠰ ᠲᠣᠭᠲᠠᠭᠠᠬᠤ ᠶᠢ ᠡᠮᠬᠢ ᠵᠢᠷᠤᠮ ᠲᠠᠢ ᠡᠷᠴᠢᠮᠲᠡᠢ ᠥᠷᠨᠢᠭᠦᠯᠪᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠺᠤᠮᠫᠠᠨᠢ ᠶᠢᠨ ᠵᠠᠰᠠᠯᠲᠠ ᠬᠢᠭᠡᠳ ᠳᠣᠲᠣᠭᠠᠳᠤ ᠶᠢᠨ ᠡᠵᠡᠮᠳᠡᠯ᠂ ᠡᠵᠡᠩᠨᠡᠯᠲᠡ ᠶᠢᠨ ᠪᠠᠶᠢᠳᠠᠯ᠂ ᠲᠣᠭᠲᠠᠭᠠᠯ ᠳᠤ ᠨᠡᠶᠢᠴᠡᠭᠰᠡᠨ ᠪᠠᠶᠢᠳᠠᠯ᠂ ᠲᠦᠭᠰᠢᠭᠦᠷᠢ ᠶᠢᠨ ᠬᠠᠮᠢᠶᠠᠷᠤᠯᠲᠠ᠂ ᠨᠡᠶᠢᠭᠡᠮ ᠤᠨ ᠬᠠᠷᠢᠭᠤᠴᠠᠯᠭ᠎ᠠ ᠵᠡᠷᠭᠡ ᠲᠠᠯ᠎ᠠ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠶᠢ ᠥᠷᠨᠢᠭᠦᠯᠵᠦ᠂ ᠡᠯ᠎ᠡ ᠲᠥᠷᠥᠯ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ ᠢ ᠪᠤᠰᠤᠳᠴᠢ᠂ ᠦᠨᠡᠨ ᠪᠣᠳᠠᠲᠠᠢ ᠪᠠᠷ ᠲᠤᠰᠬᠠᠵᠤ᠂ ᠠᠵᠢᠯ ᠲᠥᠷᠥᠯ ᠤᠨ ᠲᠦᠭᠰᠢᠭᠦᠷᠢ ᠶᠢ ᠢᠯᠭᠠᠨ ᠲᠣᠳᠣᠷᠬᠠᠶᠢᠯᠠᠵᠤ᠂ ᠲᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ ᠳᠤ ᠯᠠᠪᠯᠠᠯᠲᠠ ᠪᠠ ᠦᠨᠳᠦᠰᠦᠯᠡᠯ ᠬᠠᠩᠭᠠᠵᠠᠢ᠃ 2021-2023 ᠣᠨ ᠪᠤᠯᠲᠠᠯ᠎ᠠ ᠨᠡᠶᠢᠲᠡ 345 ᠡᠷᠤᠭᠡ  ︵ᠤᠳᠠᠭ᠎ᠠ︶ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ᠂ 208 ᠡᠷᠤᠭᠡ ︵ᠤᠳᠠᠭ᠎ᠠ︶ ᠪᠡᠯᠡ ᠬᠤᠷᠠᠮᠳᠤᠭᠤᠯᠭ᠎ᠠ ᠶᠢᠨ ᠪᠠᠲᠤᠯᠠᠭ᠎ᠠ ᠶᠢᠨ ᠺᠤᠮᠫᠠᠨᠢ ᠵᠡᠷᠭᠡ ᠶᠢ ᠲᠠᠰ ᠲᠣᠭᠲᠠᠭᠠᠵᠤ ᠬᠢᠨᠠᠨ ᠬᠠᠮᠢᠶᠠᠷᠴᠤ᠂︽ᠲᠤᠭ᠎ᠠ ᠬᠡᠮᠵᠢᠶ᠎ᠡ ᠶᠢ ᠪᠠᠭᠠᠰᠬᠠᠨ ᠶᠠᠰᠤ ᠴᠢᠨᠠᠷ ᠢ ᠲᠠᠭᠡᠭᠰᠢᠯᠡᠭᠦᠯᠭᠦ︾ ᠶᠢ ᠠᠬᠢᠭᠤᠯᠵᠠᠢ᠃      ᠡᠭᠦᠨ ᠤ ᠬᠠᠮᠲᠤ᠂ ᠳᠦᠷᠢᠮ ᠤᠨ ᠲᠣᠭᠲᠠᠭᠠᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠂ ᠳᠦᠷᠢᠮ ᠤᠨ ᠳᠤᠲᠠᠭᠤᠳᠠᠯ ᠢ ᠨᠥᠬᠦᠪᠦᠷᠢᠯᠡᠵᠦ᠂ ᠪᠡᠯᠡ ᠬᠤᠷᠠᠮᠳᠤᠭᠤᠯᠭ᠎ᠠ ᠶᠢᠨ ᠪᠠᠲᠤᠯᠠᠭ᠎ᠠ ᠶᠢᠨ ᠺᠤᠮᠫᠠᠨᠢ ᠪᠣᠯᠣᠨ ᠪᠠᠭ᠎ᠠ ᠲᠣᠭᠠᠨ ᠤ  ᠵᠢᠭᠡᠯᠡᠯᠭᠡ ᠶᠢᠨ ᠺᠤᠮᠫᠠᠨᠢ ᠪᠠᠷ ᠵᠠᠩᠭᠢᠯᠠᠭ᠎ᠠ ᠪᠣᠯᠭᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠬᠤᠷᠠᠮᠳᠤᠭᠤᠯᠭ᠎ᠠ ᠶᠢᠨ ᠪᠠᠲᠤᠯᠠᠭ᠎ᠠ ᠶᠢᠨ ᠺᠤᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠣᠭᠠᠨ ᠤ  ᠵᠢᠭᠡᠯᠡᠯᠭᠡ ᠶᠢᠨ ᠺᠤᠮᠫᠠᠨᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ 35 ᠵᠦᠢᠯ ᠤᠨ ᠨᠠᠷᠢᠨ ᠬᠤᠪᠢᠶᠠᠭᠰᠠᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠨ᠂ ᠬᠢᠨᠠᠨ ᠬᠠᠮᠢᠶᠠᠷᠬᠤ ᠡᠲᠡᠭᠡᠳ ᠤᠨ ᠵᠢᠷᠤᠮᠵᠢᠯ ᠲᠠᠢ ᠡᠵᠡᠩᠨᠡᠯᠲᠡ ᠬᠢᠬᠦ ᠪᠠ ᠬᠢᠨᠠᠨ ᠬᠠᠮᠢᠶᠠᠷᠬᠤ ᠠᠵᠢᠯᠲᠠᠨ ᠤ ᠬᠠᠤᠯᠢ ᠶᠣᠰᠣᠭᠠᠷ ᠬᠢᠨᠠᠨ ᠬᠠᠮᠢᠶᠠᠷᠬᠤ ᠳᠤ ᠦᠨᠳᠦᠰᠦᠨ ᠵᠢᠷᠤᠮᠯᠠᠯ ᠬᠠᠩᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号