ᠦᠴᠦᠸᠠᠨ ᠰᠢᠶᠠᠨ 2024 ᠣᠨ ᠤ ᠬᠡᠭᠡᠷ᠎ᠡ ᠶᠢᠨ ᠠᠮᠢᠲᠠᠨ ᠤᠷᠭᠤᠮᠠᠯ ᠳᠤ ᠴᠣᠬᠢᠯᠲᠠ ᠥᠭᠬᠦ ᠬᠠᠤᠯᠢ ᠪᠤᠰᠤ ᠠᠷᠠᠯᠵᠢᠶᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/23
     ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ ᠠᠷᠠᠯᠵᠢᠶᠠᠨ ᠤ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠭᠡᠵᠦ᠂ ᠬᠡᠭᠡᠷ᠎ᠡ ᠶᠢᠨ ᠠᠮᠢᠲᠠᠨ ᠤᠷᠭᠤᠮᠠᠯ ᠢ ᠨᠡᠩ ᠰᠠᠶᠢᠲᠤᠷ ᠬᠠᠮᠠᠭᠠᠯᠠᠵᠤ᠂ ᠠᠮᠢᠳᠤ ᠪᠣᠳᠠᠰ ᠤᠨ ᠠᠮᠤᠷ ᠲᠦᠪᠰᠢᠨ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠦᠴᠦᠸᠠᠨ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠲᠤᠷᠠᠭᠰᠠᠨ ᠬᠤᠷᠠᠯ ᠤᠨ 9 ᠪᠦᠷᠢᠯᠳᠦᠭᠦᠨ ᠨᠢᠭᠡᠴᠢ ᠲᠠᠢ ᠬᠠᠮᠲᠤᠷᠠᠨ ᠬᠡᠭᠡᠷ᠎ᠡ ᠶᠢᠨ ᠠᠮᠢᠲᠠᠨ ᠤᠷᠭᠤᠮᠠᠯ ᠳᠤ ᠴᠣᠬᠢᠯᠲᠠ ᠥᠭᠬᠦ ᠬᠠᠤᠯᠢ ᠪᠤᠰᠤ ᠠᠷᠠᠯᠵᠢᠶᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠪᠠ᠃
     ᠬᠤᠷᠠᠯ ᠠᠴᠠ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ 11 ᠶᠠᠮᠤᠨ ᠵᠥᠪᠯᠡᠯ ᠤᠨ ︽︿ᠠᠷᠢᠭᠤᠨ ᠴᠢᠬᠡᠴᠢ ᠠᠵᠢᠯᠯᠠᠭ᠎ᠠ 2024﹀  ᠶᠢ ᠥᠷᠨᠢᠭᠦᠯᠬᠦ ᠲᠤᠬᠠᠢ ᠮᠡᠳᠡᠭᠳᠡᠯ︾ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ ᠠᠷᠠᠯᠵᠢᠶ᠎ᠠ ᠳᠤ ᠴᠣᠬᠢᠯᠲᠠ ᠥᠭᠬᠦ ᠲᠠᠯ᠎ᠠ ᠪᠠᠷ ᠬᠢ ᠲᠤᠷᠰᠢᠯᠭ᠎ᠠ ᠠᠷᠭ᠎ᠠ ᠬᠢᠳᠡᠯ ᠤᠨ ᠲᠤᠬᠠᠢ ᠶᠠᠷᠢᠯᠴᠠᠨ ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃      ᠬᠤᠷᠠᠯ ᠠᠴᠠ᠂ ᠨᠢᠭᠡ ᠳᠤ ᠤᠯᠠᠨ ᠰᠠᠯᠠᠭ᠎ᠠ ᠮᠥᠴᠢᠷ ᠬᠠᠮᠵᠢᠯᠴᠠᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠵᠤ᠂ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠡᠰᠡᠷᠭᠦᠴᠡᠵᠦ᠂ ᠬᠤᠷᠢᠭᠯᠠᠬᠤ ᠬᠡᠷᠡᠭᠲᠡᠢ᠃ ᠬᠤᠶᠠᠷ ᠲᠤ ᠪᠦᠬᠦ ᠲᠠᠯ᠎ᠠ ᠪᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠳᠣᠪᠣᠶᠢᠯᠭᠠᠬᠤ ᠬᠡᠷᠡᠭᠲᠡᠢ᠃ ᠣᠯᠠᠨ ᠭᠤᠭᠴᠤᠭ᠎ᠠ᠂ ᠪᠥᠬᠦ ᠬᠡᠯᠬᠢᠶ᠎ᠡ᠂ ᠥᠨᠴᠥᠭ ᠪᠤᠯᠤᠩ ᠦᠭᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠬᠡᠷᠡᠭᠲᠡᠢ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠨᠡᠶᠢᠲᠡ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠤᠯᠠᠨ ᠠᠷᠠᠳ ᠲᠦᠮᠡᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠮᠰᠠᠷ ᠪᠠ ᠬᠠᠤᠯᠢ ᠶᠢ ᠰᠠᠬᠢᠬᠤ ᠤᠬᠠᠮᠰᠠᠷ ᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠤᠨ ᠳᠠᠷᠠᠭ᠎ᠠ᠂ 9 ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠥᠷᠨᠢᠭᠦᠯᠪᠡ᠃ ︵ᠰᠤᠷᠪᠤᠯᠵᠢᠯᠠᠬᠴᠢ᠄ ᠭᠦᠩ ᠨᠠᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号