ᠦᠴᠦᠸᠠᠨ ᠰᠢᠶᠠᠨ 2024 ᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/5/23
     ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠵᠡᠩᠨᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ 2024 ᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ 50 ᠰᠢᠬᠠᠮ ᠬᠥᠮᠥᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃
     ᠪᠣᠯᠪᠠᠰᠤᠷᠠᠯ ᠤᠨ ᠬᠤᠷᠠᠯ ᠳᠡᠭᠡᠷ᠎ᠡ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠤᠨ ᠺᠠᠳ᠋ᠷ ᠳ᠋ᠢᠩ ᠶᠤᠸᠠᠢ ᠵᠢᠶᠦ᠋ᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠣᠶᠢᠮᠣ ᠲᠣᠭᠠᠴᠢᠯᠯᠲᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠡᠵᠡᠩᠨᠡᠯᠲᠡ ᠬᠠᠮᠢᠶᠠᠷᠤᠯᠲᠠ ᠵᠢᠴᠢ ᠠᠩᠬᠠᠷᠬᠤ ᠵᠦᠢᠯᠡᠰ ᠵᠡᠷᠭᠡ ᠳᠥᠷᠪᠡᠨ ᠲᠠᠯ᠎ᠠ ᠪᠠᠷ ᠲᠠᠶᠢᠯᠤᠮᠵᠢ ᠪᠠ ᠬᠤᠪᠢᠶᠠᠯᠴᠠᠭ᠎ᠠ ᠬᠢᠪᠡ᠃ ᠪᠣᠯᠪᠠᠰᠤᠷᠠᠯ ᠨᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠵᠡᠩᠨᠡᠯᠲᠡ ᠶᠢᠨ ᠤᠷ᠎ᠠ ᠮᠡᠷᠭᠡᠰᠢᠯ᠂ ᠨᠠᠶᠢᠷᠠᠭᠤᠯᠤᠨ ᠬᠢᠨᠠᠬᠤ ᠱᠠᠭᠠᠷᠳᠠᠯᠭ᠎ᠠ᠂ ᠨᠡᠶᠢᠲᠡᠯᠡᠬᠦ ᠵᠢᠷᠤᠮᠵᠢᠯ ᠵᠡᠷᠭᠡ ᠲᠠᠯ᠎ᠠ ᠪᠠᠷ ᠨᠠᠷᠢᠨ ᠨᠢᠮᠪᠠᠢ ᠲᠠᠶᠢᠯᠪᠤᠷᠢᠯᠠᠬᠤ ᠶᠢᠨ ᠬᠠᠮᠲᠤ ᠠᠮᠠᠷᠬᠠᠨ ᠭᠠᠷᠬᠤ ᠠᠰᠠᠭᠤᠳᠠᠯ ᠪᠠ ᠪᠠᠶᠢᠩᠭᠤ ᠲᠣᠬᠢᠶᠠᠯᠳᠤᠬᠤ ᠵᠢᠷᠤᠮᠵᠢᠯ ᠦᠭᠡᠢ ᠲᠣᠭᠠᠴᠢᠯᠲᠠ ᠶᠢ ᠪᠥᠬᠦ ᠲᠠᠯ᠎ᠠ ᠪᠠᠷ ᠡᠮᠬᠢᠯᠡᠵᠦ ᠰᠠᠨᠠᠭᠤᠯᠪᠠ᠃      ᠪᠣᠯᠪᠠᠰᠤᠷᠠᠯ ᠤᠨ ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ  ᠬᠢᠨ ᠵᠢᠭᠰᠠᠭᠠᠯ ᠤᠨ ᠭᠠᠵᠠᠷ ᠤᠨ ᠤᠬᠠᠮᠰᠠᠷ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠵᠡᠩᠨᠡᠯᠲᠡ ᠬᠠᠮᠢᠶᠠᠷᠤᠯᠲᠠ ᠶᠢᠨ ᠰᠦᠯᠵᠢᠶᠡᠨ ᠳᠡᠭᠡᠷᠡᠬᠢ ᠣᠯᠠᠨ ᠲᠦᠮᠡᠨᠴᠢ ᠱᠤᠭᠤᠮ ᠳᠠᠬᠢ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠵᠥᠪ ᠤᠳᠤᠷᠢᠳᠤᠮᠵᠢ ᠶᠢ ᠪᠠᠷᠢᠮᠲᠠᠯᠠᠵᠤ᠂ ᠨᠡᠶᠢᠲᠡᠯᠡᠭᠰᠡᠨ ᠠᠭᠤᠯᠭ᠎ᠠ ᠶᠢᠨ ᠡᠷᠬᠡ ᠰᠦᠷᠲᠦ ᠴᠢᠨᠠᠷ᠂ ᠴᠠᠭ ᠬᠤᠭᠤᠴᠠᠭᠠᠲᠤ ᠴᠢᠨᠠᠷ᠂ ᠬᠡᠷᠡᠭᠯᠡᠭᠡᠨ ᠤ ᠴᠢᠨᠠᠷ ᠢ ᠪᠠᠲᠤᠯᠠᠬᠤ ᠬᠡᠷᠡᠭᠲᠡᠢ᠃ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠰᠢᠨ᠎ᠡ ᠵᠠᠭᠤᠴᠢᠯᠠᠭᠤᠷ ᠢ ᠦᠨᠡᠨ ᠬᠦ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠠᠰᠢᠭᠯᠠᠵᠤ᠂ ᠰᠠᠶᠢᠲᠤᠷ ᠬᠠᠮᠢᠶᠠᠷᠴᠤ᠂ ᠬᠡᠷᠡᠭᠴᠡᠭᠡ ᠲᠠᠢ ᠪᠣᠯᠪᠠᠴᠤ ᠨᠡᠭᠡᠭᠡᠬᠦ ᠦᠭᠡᠢ᠂ ᠨᠡᠭᠡᠭᠡᠭᠰᠡᠨ ᠪᠣᠯᠪᠠᠴᠤ ᠬᠡᠷᠡᠭᠯᠡᠬᠦ ᠦᠭᠡᠢ᠂ ᠬᠡᠷᠡᠭᠯᠡᠭᠰᠡᠨ ᠪᠣᠯᠪᠠᠴᠤ ᠬᠠᠮᠢᠶᠠᠷᠬᠤ ᠦᠭᠡᠢ᠂ ᠰᠠᠶᠢᠲᠤᠷ ᠬᠠᠮᠢᠶᠠᠷᠬᠤ ᠦᠭᠡᠢ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃      ᠣᠶᠢᠷ᠎ᠠ ᠶᠢᠨ ᠵᠢᠯ ᠠᠴᠠ᠂ ᠮᠠᠨ ᠤ ᠰᠢᠶᠠᠨ ᠤ ᠡᠯ᠎ᠡ ᠨᠢᠭᠡᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠢᠳᠡᠪᠬᠢᠲᠡᠢ ᠨᠡᠭᠡᠭᠡᠵᠦ ᠡᠵᠡᠩᠨᠡᠨ ᠬᠠᠮᠢᠶᠠᠷᠴᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠦᠨᠳᠦᠰᠦᠨ ᠳᠡᠭᠡᠨ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠨᠠᠮ ᠤᠨ ᠲᠠᠭᠤᠨ ᠢ ᠳᠠᠮᠵᠢᠭᠤᠯᠵᠤ᠂ ᠠᠷᠠᠳ ᠣᠯᠠᠨ ᠳᠤ ᠦᠢᠯᠡᠴᠢᠯᠡᠵᠦ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠪᠠ᠃ ᠲᠤᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠨᠢ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠠᠮᠵᠢᠭᠤᠯᠬᠤ ᠬᠦᠴᠦᠨ᠂ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠪᠡ᠃  ︵ᠳ᠋ᠢᠩ ᠶᠤᠸᠠᠢ ᠵᠢᠶᠦ᠋ᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号