2024 ᠣᠨ ᠤ ᠦᠴᠦᠸᠠᠨ ᠰᠢᠶᠠᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠥᠪᠯᠡᠷᠡᠭᠦᠯᠦᠨ ᠬᠠᠮᠢᠶᠠᠷᠬᠤ ᠵᠢᠴᠢ ᠠᠯᠪᠠᠨ ᠤ ᠲᠡᠷᠭᠡ ᠬᠡᠷᠡᠭᠯᠡᠬᠦ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/23
     ᠮᠠᠨ ᠤ ᠰᠢᠶᠠᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠤᠯᠭ᠎ᠠ ᠶᠢᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭ᠎ᠠ ᠠᠳᠬᠤᠨ ᠪᠣᠳᠠᠲᠠᠢ ᠠᠳᠬᠤᠵᠤ᠂ ᠮᠠᠨ ᠤ ᠰᠢᠶᠠᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢᠨ ᠠᠵᠢᠯ ᠢ ᠨᠠᠷᠢᠨ ᠨᠢᠮᠪᠠᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠲᠦᠯᠬᠢᠨ ᠠᠬᠢᠭᠤᠯᠵᠤ᠂ ᠪᠥᠬᠦ ᠰᠢᠶᠠᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠠᠵᠢᠯᠯᠠᠭᠠᠨ ᠢ ᠶᠡᠷᠦᠩᠬᠡᠶᠢᠯᠡᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠦᠴᠦᠸᠠᠨ ᠰᠢᠶᠠᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ ᠪᠣᠯᠪᠠᠰᠤᠷᠠᠯ ᠤᠨ ᠬᠤᠷᠠᠯ ᠳᠤ ᠣᠷᠣᠯᠴᠠᠵᠤ᠂ ᠰᠢᠶᠠᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠲᠡᠷᠭᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠣᠨ ᠠᠵᠢᠯᠲᠠᠳ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠠᠴᠠ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠥᠪᠯᠡᠷᠡᠭᠦᠯᠦᠨ ᠬᠠᠮᠢᠶᠠᠷᠬᠤ ᠠᠵᠢᠯ ᠳᠤ ᠱᠠᠭᠠᠷᠳᠠᠯᠭ᠎ᠠ ᠳᠤᠷᠠᠳᠴᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠪᠣᠯ ᠨᠢᠭᠡ ᠵᠦᠢᠯ ᠤᠨ ᠤᠯᠤᠰ ᠲᠥᠷᠥ ᠶᠢᠨ ᠴᠢᠨᠠᠷ ᠢᠶᠠᠷ ᠮᠠᠰᠢ ᠴᠢᠩᠭ᠎ᠠ ᠠᠵᠢᠯ ᠪᠣᠯᠣᠨ᠎ᠠ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠬᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠠᠴᠠ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠥᠷᠥ ᠶᠢ ᠡᠷᠬᠢᠮᠯᠡᠨ᠂ ᠶᠡᠭᠡ ᠲᠠᠯ᠎ᠠ ᠶᠢ ᠬᠠᠷᠠᠭᠠᠯᠵᠠᠵᠤ᠂ ᠬᠠᠥᠯᠢᠵᠢᠯ ᠤᠨ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠡᠯ᠎ᠡ ᠵᠦᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ  ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠵᠢᠩᠬᠢᠨᠢ ᠠᠯᠪᠠᠨ ᠤ ᠲᠡᠷᠭᠡᠨ ᠤ ᠬᠠᠮᠢᠶᠠᠷᠤᠯᠲᠠ ᠶᠢᠨ ᠳᠤᠮᠳᠠ ᠶᠡᠷᠦᠩᠬᠡᠢ ᠱᠦᠵᠢ ᠱᠢ ᠶᠢᠨ ᠫᠢᠩ ᠤᠨ ︽ᠠᠵᠢᠯᠴᠢ ᠠᠷᠪᠢᠴᠢ ᠪᠠᠷ ᠠᠯᠢᠪᠠ ᠦᠢᠯᠡᠰ ᠢ ᠡᠷᠬᠢᠯᠡᠬᠦ︾ ᠵᠢᠭᠠᠪᠤᠷᠢ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠬᠢᠨ ᠠᠯᠪᠠᠨ ᠲᠡᠷᠭᠡ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠪᠠᠶᠢᠩᠭᠤᠵᠢᠭᠤᠯᠬᠤ ᠶᠢ ᠪᠠᠷᠢᠮᠲᠠᠯᠠᠨ᠂ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠣᠶ ᠪᠣᠯᠭᠠᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠠᠪᠴᠠᠩ ᠢᠶᠠᠷ ᠳᠠᠮᠵᠢᠭᠤᠯᠤᠨ ᠠᠯᠪᠠᠨ ᠲᠡᠷᠭᠡ ᠶᠢᠨ ᠶᠠᠪᠤᠵᠤ ᠰᠠᠭᠤᠬᠤ ᠵᠡᠷᠭᠡ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠬᠠᠮᠢᠶ᠎ᠠ ᠪᠦᠬᠦᠢ ᠨᠢᠭᠡᠴᠢ ᠶᠢᠨ ᠳᠦᠷᠢᠮ ᠤᠨ ᠪᠠᠶᠢᠭᠤᠯᠤᠯᠲᠠ᠂ ᠲᠣᠭᠲᠠᠭᠠᠯ ᠤᠨ ᠨᠠᠶᠢᠳᠠᠪᠤᠷᠢᠵᠢᠭᠤᠯᠤᠯᠲᠠ᠂ ᠲᠡᠷᠭᠡ ᠬᠥᠰᠬᠡ ᠶᠢᠨ ᠬᠡᠷᠡᠭᠯᠡᠯᠲᠡ ᠶᠢᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠡᠷᠭᠡ ᠬᠡᠷᠡᠭᠯᠡᠬᠦ ᠨᠢᠭᠡᠴᠢ ᠨᠦᠭᠦᠳ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠭᠤᠶᠤᠴᠢᠯᠠᠨ ᠬᠡᠷᠡᠭᠯᠡᠬᠦ ᠵᠡᠷᠭᠡ ᠬᠠᠮᠢᠶ᠎ᠠ ᠪᠦᠬᠦᠢ ᠴᠤᠪᠤᠷᠠᠯ ᠢ ᠴᠢᠩᠭ᠎ᠠ ᠨᠠᠶᠢᠳᠠᠪᠤᠷᠢᠵᠢᠭᠤᠯᠤᠨ᠂ ︽ᠬᠡᠨ ᠭᠤᠶᠤᠴᠢᠯᠠᠬᠤ︾᠂ ︽ᠬᠡᠨ ᠲᠡᠷᠭᠡ ᠬᠡᠷᠡᠭᠯᠡᠬᠦ︾᠂ ︽ᠬᠡᠨ ᠬᠠᠷᠢᠭᠤᠴᠠᠬᠤ︾ ᠶᠢ ᠪᠡᠶᠡᠯᠡᠭᠦᠯᠵᠦ᠂ ᠠᠯᠪᠠᠨ ᠲᠡᠷᠭᠡ ᠶᠢᠨ ᠬᠡᠷᠡᠭᠯᠡᠯᠲᠡ ᠶᠢᠨ ᠳᠦᠷᠢᠮ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠠᠯᠪᠠᠨ ᠲᠡᠷᠭᠡ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠯᠪᠠᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠯᠪᠠᠨ ᠲᠡᠷᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠯᠪᠠᠨ ᠲᠡᠷᠭᠡ ᠶᠢᠨ ᠡᠳᠦᠷ ᠲᠤᠲᠤᠮ ᠤᠨ ᠬᠡᠷᠡᠭᠯᠡᠯᠲᠡ᠂ ᠲᠣᠬᠢᠷᠠᠭᠤᠯᠤᠯᠲᠠ ᠵᠢᠴᠢ ᠬᠠᠮᠢᠶᠠᠷᠤᠯᠲᠠ ᠶᠢ ᠰᠠᠶᠢᠲᠤᠷ ᠠᠳᠬᠤᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠠᠮᠢᠶᠠᠷᠤᠯᠲᠠ ᠶᠢᠨ ᠵᠢᠷᠤᠮᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ᠦᠴᠦᠸᠠᠨ ᠰᠢᠶᠠᠨ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ᠂ ᠲᠠᠪᠴᠠᠩᠵᠢᠭᠤᠯᠤᠯᠲᠠ ᠪᠠ ︽ᠪᠥᠬᠦ ᠣᠷᠣᠨ ᠤ ᠨᠢᠭᠡ ᠰᠦᠯᠵᠢᠶ᠎ᠡ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠰᠢᠶᠠᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠡᠭᠦᠳᠦᠨ᠎ᠡ᠃      ᠪᠣᠯᠪᠠᠰᠤᠷᠠᠯ ᠤᠨ ᠬᠤᠷᠠᠯ ᠳᠡᠭᠡᠷ᠎ᠡ᠂ ᠵᠦᠩ ᠺᠧ ᠮᠧᠢ ᠯᠦᠸᠧ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠣᠷᠣᠨ ᠤ ᠬᠠᠷᠢᠭᠤᠴᠠᠯᠭᠠᠲᠠᠨ ᠲᠠᠪᠴᠠᠩ ᠤᠨ ᠠᠵᠢᠯᠯᠠᠭᠠᠨ ᠤ ᠬᠡᠷᠡᠭᠯᠡᠯᠲᠡ ᠶᠢᠨ ᠲᠤᠬᠠᠢ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠭᠰᠡᠨ ᠪᠥᠭᠡᠳ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠠᠬᠢ ᠠᠯᠪᠠᠨ ᠲᠡᠷᠭᠡ ᠶᠢ ᠰᠦᠯᠵᠢᠶᠡᠨ ᠳᠡᠭᠡᠷ᠎ᠡ ᠭᠤᠶᠤᠴᠢᠯᠠᠬᠤ᠂ ᠲᠣᠮᠢᠯᠠᠬᠤ᠂ ᠲᠣᠬᠢᠷᠠᠭᠤᠯᠬᠤ᠂ ᠶᠠᠪᠤᠵᠤ ᠰᠠᠭᠤᠬᠤ ᠵᠢᠴᠢ ᠡᠯ᠎ᠡ ᠵᠦᠢᠯ ᠤᠨ ᠠᠵᠢᠯᠯᠠᠭᠠᠨ ᠤ ᠵᠠᠷᠤᠳᠠᠯ ᠢ ᠣᠷᠣᠭᠤᠯᠬᠤ ᠵᠡᠷᠭᠡ ᠠᠵᠢᠯ ᠤᠨ ᠴᠤᠪᠤᠷᠠᠯ ᠳᠤ ᠰᠢᠰᠲ᠋ᠧᠮ ᠲᠠᠢ ᠪᠣᠯᠪᠠᠰᠤᠷᠠᠯ ᠬᠢᠭᠰᠡᠨ ᠪᠠᠶᠢᠨ᠎ᠠ᠃  ︵ᠰᠤᠷᠪᠤᠯᠵᠢᠯᠠᠭᠴᠢ᠄ ᠵᠣᠣ ᠯᠧ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号