ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/23
     5 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠠᠰᠠᠭᠤᠳᠠᠯ ᠤᠨ ᠵᠠᠭᠤᠷᠠᠯᠳᠤᠭᠠᠨ ᠢ ᠠᠷᠢᠯᠭᠠᠬᠤ ᠲᠥᠰᠥᠯ︾ ᠢ ᠬᠢᠨᠠᠨ ᠵᠥᠪᠯᠡᠪᠡ︔ ︽ᠦᠴᠦᠸᠠᠨ ᠰᠢᠶᠠᠨ ᠤ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠶᠢ ᠬᠢᠨᠠᠨ ᠵᠥᠪᠯᠡᠪᠡ︔ ︽ᠦᠴᠦᠸᠠᠨ ᠰᠢᠶᠠᠨ ᠤ 2024 ᠣᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃      ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠲᠣᠳᠣᠷᠬᠠᠢ ᠰᠠᠬᠢᠵᠤ᠂ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠵᠢᠭᠤᠷᠠᠯᠳᠤᠭᠠᠨ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠣᠯᠭᠤᠬᠤ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠨᠥᠬᠦᠪᠦᠷᠢ ᠣᠯᠭᠤᠬᠤ ᠵᠡᠷᠭᠡ ᠲᠠᠷᠢᠶᠠᠯᠠᠩ ᠳᠤ ᠬᠤᠯᠪᠣᠭᠳᠠᠬᠤ ᠬᠦᠷᠢᠶᠡᠨ ᠤ ᠠᠰᠠᠭᠤᠳᠠᠯ ᠳᠤ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯᠯᠠᠭ᠎ᠠ ᠥᠷᠨᠢᠭᠦᠯᠬᠦ ᠬᠡᠷᠡᠭᠲᠡᠢ᠃ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠴᠠᠭ ᠬᠢᠵᠠᠭᠠᠷᠯᠠᠨ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠷᠠᠳ ᠣᠯᠠᠨ ᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠭᠠᠷᠭᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠦᠬᠦ ᠶᠠᠪᠤᠴᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠬᠤ ᠪᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠲᠡᠭᠡᠭᠡᠪᠦᠷᠢᠯᠡᠬᠦ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦᠷᠦᠭᠦᠯᠡᠨ ᠬᠠᠤᠯᠢ ᠪᠤᠰᠤ ᠪᠠᠷ ᠡᠯᠡᠰᠦ ᠮᠠᠯᠲᠠᠬᠤ᠂ ᠪᠣᠬᠢᠷ ᠤᠰᠤ ᠶᠢ ᠰᠢᠢᠳᠪᠦᠷᠢᠯᠡᠬᠦ᠂ ᠡᠮᠴᠢᠯᠡᠭᠡᠨ ᠤ ᠬᠤᠭ ᠨᠣᠪᠰᠢ ᠪᠠ ᠠᠮᠢᠳᠤᠷᠠᠯ ᠤᠨ ᠬᠤᠭ ᠨᠣᠪᠰᠢ ᠶᠢ ᠴᠢᠳᠬᠤᠬᠤ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠠᠳᠠᠯ ᠠᠬᠤᠢ ᠪᠠ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠦᠢᠯᠡᠳᠦᠯ ᠢ ᠪᠠᠳᠠᠷᠠᠭᠤᠯᠵᠤ᠂ ᠡᠯ᠎ᠡ ᠬᠤᠷᠢᠶᠠᠯᠠᠯ ᠵᠢᠴᠢ ᠪᠠᠶᠢᠰᠢᠩ ᠭᠡᠷ ᠤᠨ ᠲᠣᠭᠤᠷᠢᠭ ᠲᠤ ᠲᠣᠭᠤᠷᠢᠨ ᠪᠠᠶᠢᠴᠠᠭᠠᠯᠲᠠ ᠬᠢᠵᠦ᠂ ᠭᠠᠵᠠᠷ ᠪᠣᠯᠭᠠᠨ ᠳᠤ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠵᠡᠭᠳᠡᠯ ᠳᠠᠬᠢᠨᠲᠠ ᠭᠠᠷᠬᠤ ᠶᠢ ᠰᠡᠷᠭᠡᠶᠢᠯᠡᠬᠦ ᠬᠡᠷᠡᠭᠲᠡᠢ᠃ ᠣᠯᠠᠨ ᠬᠡᠯᠪᠡᠷᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠨᠥᠯᠥᠭᠡᠯᠡᠬᠦ ᠬᠦᠴᠦᠨ ᠢ ᠥᠷᠭᠡᠳᠬᠡᠵᠦ᠂ ᠪᠥᠬᠦ ᠠᠷᠠᠳ ᠢᠶᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠢ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ( ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ)              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号