ᠬᠥᠬᠡᠬᠤᠲᠠ ᠶᠢᠨ ᠬᠤᠶᠠᠳᠤᠭᠠᠷ ᠬᠤᠭᠤᠴᠠᠭᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠭᠠᠷᠠᠭ ᠤᠨ ᠦᠴᠦᠸᠠᠨ ᠰᠢᠶᠠᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/5/24
     ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠬᠤᠶᠠᠳᠤᠭᠠᠷ ᠬᠤᠭᠤᠴᠠᠭᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠬᠤ ᠭᠠᠷᠠᠭ ᠤᠨ ᠦᠴᠦᠸᠠᠨ ᠰᠢᠶᠠᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡ ᠡᠷᠭᠢ ᠴᠡᠴᠡᠷᠯᠢᠭ ᠲᠤ ᠶᠠᠪᠤᠭᠳᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠠᠢ ᠢᠦᠢ ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠬᠡᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠭ᠎ᠠ ᠶᠢᠨ ᠲᠣᠭᠤᠷᠢᠭ᠂ ᠦᠵᠡᠭᠦᠯᠦᠯᠭᠡ ᠶᠢᠨ ᠰᠠᠮᠪᠠᠷ᠎ᠠ ᠶᠢᠨ ᠲᠣᠭᠤᠷᠢᠭ᠂ ᠬᠤᠭ ᠨᠣᠪᠰᠢ ᠶᠢ ᠲᠦᠷᠦᠯ ᠬᠤᠪᠢᠶᠠᠬᠤ ᠲᠥᠬᠦᠭᠡᠷᠦᠮᠵᠢ ᠶᠢ ᠪᠡᠶᠡᠴᠢᠯᠡᠨ ᠣᠶᠢᠯᠠᠭᠠᠬᠤ ᠲᠣᠭᠤᠷᠢᠭ ᠪᠣᠯᠣᠨ ᠲᠣᠭᠯᠠᠭᠠᠮ ᠤᠨ ᠬᠠᠷᠢᠯᠴᠠᠨ ᠬᠥᠳᠡᠯᠦᠯᠴᠡᠬᠦ ᠲᠣᠭᠤᠷᠢᠭ ᠵᠡᠷᠭᠡ ᠲᠦᠷᠪᠡᠨ ᠦᠵᠡᠭᠦᠯᠦᠯᠭᠡ ᠶᠢᠨ ᠲᠣᠭᠤᠷᠢᠭ ᠲᠣᠬᠢᠷᠠᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠤᠯᠠᠨ ᠲᠠᠯ᠎ᠠ ᠤᠯᠠᠨ ᠬᠠᠷᠠᠭᠠᠰᠤ ᠠᠴᠠ ᠤᠯᠠᠨ ᠲᠦᠮᠡᠨ ᠳᠤ ᠬᠤᠭ ᠨᠣᠪᠰᠢ ᠶᠢ ᠲᠦᠷᠦᠯ ᠬᠤᠪᠢᠶᠠᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠪᠡ᠃ ᠶᠣᠰᠣᠯᠠᠯ ᠡᠬᠢᠯᠡᠭᠰᠡᠨ ᠤ ᠳᠠᠷᠠᠭ᠎ᠠ᠂ ᠡᠯ᠎ᠡ ᠪᠦᠷᠢᠯᠳᠦᠭᠦᠨ ᠨᠢᠭᠡᠴᠢ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ᠬᠤᠭ ᠨᠣᠪᠰᠢ ᠶᠢ ᠲᠦᠷᠦᠯ ᠬᠤᠪᠢᠶᠠᠨ ᠬᠠᠶᠠᠬᠤ ᠮᠡᠳᠡᠯᠭᠡ ᠶᠢ ᠢᠳᠡᠪᠬᠢᠲᠡᠢ ᠲᠠᠶᠢᠯᠪᠤᠷᠢᠯᠠᠨ ᠥᠭᠴᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠳᠠᠮᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠣᠶᠢᠯᠠᠭᠠᠭᠳᠠᠬᠤᠨ ᠢ ᠲᠠᠷᠢᠬᠢᠨ ᠳᠤ ᠬᠠᠳᠠᠩᠰᠢᠭᠤᠯᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ︽ᠰᠢᠨ᠎ᠡ ᠤᠷᠤᠰᠬᠠᠯ ᠢ ᠳᠠᠭᠠᠭᠰᠠᠨ ᠲᠥᠷᠥᠯ ᠬᠤᠪᠢᠶᠠᠬᠤ ᠰᠠᠶᠢᠨ ᠳᠤᠷ᠎ᠠ ᠶᠢᠨ ᠠᠶᠠᠯᠠᠯ︾ ᠪᠠᠷ ᠭᠤᠣᠯ ᠰᠡᠳᠦᠪ ᠪᠣᠯᠭᠠᠵᠤ᠂ ᠠᠵᠢᠯᠯᠠᠭᠠᠨ ᠤ ᠠᠭᠤᠷ ᠠᠮᠢᠰᠬᠤᠯ ᠢ ᠪᠣᠶ ᠪᠣᠯᠭᠠᠵᠤ᠂ ᠲᠥᠷᠥᠯ ᠬᠤᠪᠢᠶᠠᠭᠰᠠᠨ ᠦᠷ᠎ᠡ ᠪᠦᠲᠦᠮᠵᠢ ᠶᠢ ᠢᠯᠡᠷᠡᠭᠦᠯᠵᠦ᠂ ᠪᠥᠬᠦ ᠠᠷᠠᠳ ᠢᠶᠠᠷ ᠢᠶᠠᠨ ᠣᠷᠣᠯᠴᠠᠬᠤ ᠶᠢ ᠳᠠᠶᠢᠴᠢᠯᠠᠬᠤ ᠪᠠᠷ ᠭᠤᠣᠯᠳᠠᠯᠭ᠎ᠠ ᠪᠣᠯᠭᠠᠵᠤ᠂ ︽ᠬᠤᠲᠠ ᠶᠢᠨ ᠭᠠᠵᠠᠷ ᠤᠨ ᠲᠡᠮᠳᠡᠭ ᠢ ᠭᠡᠷᠡᠯᠲᠦᠭᠦᠯᠬᠦ︾᠂ ︽ᠲᠥᠷᠥᠯ ᠬᠤᠪᠢᠶᠠᠬᠤ ᠶᠢ ᠲᠦᠮᠡᠨ ᠡᠷᠦᠬᠡ ᠳᠤ ᠣᠷᠣᠭᠤᠯᠬᠤ︾᠂ ︽ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠤ ᠬᠠᠮᠲᠤᠪᠠᠷ ᠣᠷᠣᠯᠴᠠᠬᠤ︾ ︽ᠲᠥᠷᠥᠯ ᠬᠤᠪᠢᠶᠠᠬᠤ ᠨᠡᠪᠲᠡᠷᠡᠭᠰᠡᠨ ᠬᠦᠮᠦᠨ ᠬᠡᠯᠡᠬᠦ ᠳᠡᠭᠡᠨ︾ ︽ᠰᠠᠶᠢᠨ ᠳᠤᠷ᠎ᠠ ᠶᠢᠨ ᠦᠢᠯᠡᠴᠢᠯᠡᠭᠴᠢ ᠡᠯᠰᠡᠬᠦ︾᠂ ︽ᠰᠠᠶᠢᠨ ᠳᠤᠷ᠎ᠠ ᠶᠢᠨ ᠵᠠᠭᠤᠨ ᠡᠳᠦᠷ ᠤᠨ ᠠᠶᠠᠯᠠᠯ︾ ᠵᠡᠷᠭᠡ ᠵᠢᠷᠭᠤᠭᠠᠨ ᠶᠡᠭᠡ ᠠᠵᠢᠯᠯᠠᠭ᠎ᠠ ᠪᠠᠷ ᠳᠠᠮᠵᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠰᠠᠭᠤᠭᠠᠯᠢ ᠠᠷᠠᠳ ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠢ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ( ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ)              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号