ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠤ ᠣᠷᠣᠯᠴᠠᠭᠰᠠᠳ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ︾᠂ ︽ᠠᠮᠤᠷ ᠲᠦᠪᠰᠢᠨ ᠢᠶᠠᠷ ᠠᠮᠢ ᠨᠠᠰᠤ ᠶᠢ ᠬᠠᠮᠠᠭᠠᠯᠠᠶ᠎ᠠ︾ ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ︔ ᠬᠡᠰᠡᠭ ᠭᠤᠣᠯ ᠳᠤᠭᠤᠶᠢᠯᠠᠩ ᠤᠨ ᠰᠤᠷᠤᠯᠴᠠᠭᠰᠠᠨ ᠪᠦᠷᠢᠯᠳᠦᠭᠦᠨ ᠨᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠤᠷᠢᠨ ᠳᠤ ᠬᠤᠪᠢ ᠬᠥᠮᠥᠨ ᠤ ᠦᠵᠡᠯ ᠰᠠᠨᠠᠭ᠎ᠠ᠂ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ ᠠᠮᠤᠷ ᠲᠦᠪᠰᠢᠨ ᠢ ᠬᠠᠮᠠᠭᠠᠯᠠᠬᠤ ᠪᠣᠳᠠᠲᠤ ᠠᠵᠢᠯᠯᠠᠭ᠎ᠠ ᠪᠣᠯᠣᠨ ᠪᠣᠳᠠᠲᠠᠢ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠦᠵᠡᠯ ᠰᠠᠨᠠᠭᠠᠨ ᠤ ᠲᠠᠯ᠎ᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠠᠷᠢᠭᠤᠴᠠᠬᠤ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠮᠢᠨᠴᠦᠭᠦᠷᠡᠬᠦ ᠪᠠ ᠠᠵᠠ ᠬᠠᠷᠠᠬᠤ ᠪᠤᠳᠤᠯ ᠢ ᠡᠷᠡᠰ ᠲᠡᠪᠴᠢᠵᠦ᠂ ᠪᠥᠬᠦ ᠰᠢᠶᠠᠨ ᠤ ᠡᠯ᠎ᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠲᠣᠭᠤᠷᠢᠨ ᠳᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠲᠤᠰᠬᠠᠢ ᠵᠢᠭᠰᠠᠭᠠᠨ ᠪᠠᠶᠢᠴᠠᠭᠠᠬᠤ ᠶᠢ ᠤᠶᠠᠯᠳᠤᠭᠤᠯᠵᠤ᠂ ᠲᠦᠭᠰᠢᠭᠦᠷᠢ ᠳᠠᠯᠳᠠ ᠬᠡᠮ ᠪᠠ ᠲᠣᠪᠣᠶᠢᠮ᠎ᠠ ᠠᠰᠠᠭᠤᠳᠠᠯ ᠳᠤ ᠨᠠᠷᠢᠨ ᠲᠠᠩᠰᠠ ᠪᠠᠶᠢᠭᠤᠯᠤᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠠᠭ ᠲᠤᠬᠠᠢ ᠳᠤᠨᠢ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠷᠢᠳᠴᠢᠯᠠᠨ ᠮᠠᠭᠠᠳᠯᠠᠬᠤ᠂ ᠤᠷᠢᠳᠴᠢᠯᠠᠨ ᠪᠡᠯᠡᠳᠬᠡᠬᠦ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠶᠢ ᠪᠡᠶᠡᠯᠡᠭᠦᠯᠵᠦ᠂ ᠰᠢᠮᠳᠠᠭᠤᠯᠤᠨ ᠪᠠᠶᠢᠴᠠᠭᠠᠬᠤ ᠪᠠ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠬᠦᠷᠢᠶᠡᠨ ᠤ ᠠᠮᠤᠷ ᠲᠦᠪᠰᠢᠨ ᠲᠣᠭᠲᠠᠭᠤᠨ ᠤ ᠠᠵᠢᠯ ᠢ ᠴᠢᠩᠭ᠎ᠠ ᠨᠢᠮᠪᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃  ︵ᠰᠣᠷᠪᠤᠯᠵᠢᠯᠠᠬᠴᠢ᠄ ᠶᠢᠨ ᠫᠢᠩ  ᠶᠠᠩ ᠵᠢᠶ᠋ᠧ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号