ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠳᠤᠨ ᠭᠤᠣᠯ ᠤᠨ ︽几ᠦᠰᠦᠭ ᠤᠨ ᠲᠤᠬᠤᠢ︾ ᠶᠢᠨ ᠪᠣᠭᠤᠮᠲᠠ ᠰᠢᠪᠲᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠮᠠᠨ ᠤ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠲᠤᠨ ᠭᠤᠣᠯ ᠤᠨ ︽几ᠦᠰᠦᠭ ᠤᠨ ᠲᠤᠬᠤᠢ︾ ᠶᠢᠨ ᠪᠣᠭᠤᠮᠲᠠ ᠰᠢᠪᠲᠤᠯᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠠᠩ ᠰᠢᠩ ᠱᠧᠩ ᠴᠢᠬᠤᠯᠠᠴᠢᠯᠠᠭᠰᠠᠨ ᠨᠢ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ᠃ ᠨᠢᠳᠤᠨᠤᠨ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠭᠠᠨ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠪᠠ᠃ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ ᠬᠤᠳᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠬᠠᠳᠤᠨ ᠭᠤᠣᠯ ᠤᠨ︽几ᠦᠰᠦᠭ ᠤᠨ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ ᠭᠡᠵᠠᠢ᠃      ᠮᠠᠨ ᠤ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠨᠢ ᠣᠳᠣᠬᠠᠨ ᠤ ᠠᠵᠤ ᠠᠬᠤᠢ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠭᠠᠷᠳᠠᠴᠠ ᠪᠣᠯᠬᠤ ᠪᠠᠷ ᠪᠠᠷᠠᠬᠤ ᠦᠭᠡᠢ ᠪᠠᠰᠠ ᠠᠯᠤᠰ ᠬᠡᠳᠤ ᠶᠢ ᠪᠣᠳᠣᠯᠬᠢᠯᠠᠨ ᠳᠤᠲᠠᠭᠤᠳᠠᠯ ᠢ ᠨᠥᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ ᠬᠥᠳᠡᠯᠭᠡᠬᠦ ᠬᠦᠴᠦᠨ ᠢ ᠴᠢᠩᠭᠠᠷᠠᠭᠤᠯᠬᠤ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠣᠨ᠎ᠠ᠃ ᠪᠦᠬᠦ ᠰᠢᠶᠠᠨ ᠢᠶᠠᠷ ᠢᠶᠠᠨ ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ ᠢᠯᠡ ᠲᠣᠳᠣ ᠤᠳᠤᠷᠢᠳᠤᠮᠵᠢ ᠶᠢ ᠤᠯᠠᠮ ᠴᠢᠨᠠᠭᠰᠢᠳᠠ ᠪᠤᠢ ᠪᠣᠯᠭᠠᠵᠤ᠂ ᠲᠤᠰ ᠪᠡᠶ᠎ᠡ ᠶᠢᠨ ᠳᠠᠪᠠᠭᠤᠯᠢᠭ ᠣᠨᠴᠠᠯᠢᠭ ᠲᠠᠭᠠᠨ ᠲᠦᠰᠢᠭᠯᠡᠵᠦ᠂ ᠶᠡᠭᠡ ᠬᠠᠷᠠᠭᠠᠰᠤ᠂ ᠶᠡᠭᠡ ᠪᠠᠶᠢᠷᠢᠰᠢᠯ ᠢᠶᠠᠷ ᠨᠢᠭᠡ ᠪᠦᠯᠦᠭ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠢ ᠥᠨᠳᠥᠷ ᠭᠠᠷᠤᠭ᠎ᠠ ᠠᠴᠠ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠬᠤᠳᠠᠯᠳᠤᠭᠠᠴᠢᠨ ᠤᠷᠢᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠴᠠᠭ ᠮᠥᠴᠡ ᠶᠢ ᠠᠮᠵᠢᠨ ᠠᠬᠢᠴᠠ ᠶᠢ ᠠᠮᠵᠢᠵᠤ᠂ ᠳᠠᠭᠠᠭᠤᠯᠤᠭᠴᠢ ᠬᠥᠲᠥᠯᠥᠨ ᠳᠠᠭᠠᠭᠤᠯᠬᠤ᠂ ᠬᠡᠯᠬᠢᠶ᠎ᠡ ᠶᠢ ᠤᠷᠲᠤᠳᠬᠠᠬᠤ᠂ ᠪᠦᠯᠦᠭᠯᠡᠨ ᠬᠠᠮᠲᠤᠪᠠᠷ ᠤᠷᠤᠭᠰᠢᠯᠠᠬᠤ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠲᠦᠷᠦᠯ ᠵᠦᠢᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠪᠠ ᠲᠦᠭᠵᠢᠷᠡᠯ ᠢ ᠨᠠᠪᠲᠠᠷᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠰᠢᠨ᠎ᠡ ᠬᠥᠳᠡᠯᠭᠡᠬᠦ ᠬᠦᠴᠦᠨ ᠬᠤᠷᠠᠮᠳᠤᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠢᠨᠠᠨ ᠰᠢᠯᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠲᠣᠭᠲᠠᠪᠠᠯ ᠬᠢᠵᠦ᠂ ᠬᠢᠪᠡᠯ ᠪᠦᠲᠦᠭᠡᠵᠦ᠂ ᠦᠨᠡᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠷ ᠲᠦᠷᠦᠯ ᠵᠦᠢᠯ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠠᠢ᠃  ︵ᠰᠤᠷᠪᠤᠯᠵᠢᠯᠠᠭᠴᠢ᠄ ᠶᠢᠨ ᠫᠢᠩ  ᠶᠠᠩ ᠵᠢᠶᠧ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号