ᠦᠴᠦᠸᠠᠨ ᠰᠢᠶᠠᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 22 ᠤ ᠡᠳᠦᠷ᠂ ᠦᠴᠦᠸᠠᠨ ᠰᠢᠶᠠᠨ 2024 ᠣᠨ ᠤ ︽ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠵᠢᠴᠢ ᠠᠩᠬᠠᠨ ᠤ ᠲᠠᠯᠠᠪᠤᠷ ᠤᠷᠠᠨ ᠰᠠᠶᠢᠬᠠᠨ ᠤ ᠲᠣᠭᠯᠠᠯᠲᠠ ᠭᠠᠷᠭᠠᠪᠠ᠃
     ᠰᠣᠶᠣᠯ ᠤᠨ ᠦᠪᠡᠳᠡᠭᠰᠢ ᠨᠠᠶᠢᠷ ᠲᠤ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠭᠤᠶᠢᠳᠠ ᠰᠠᠶᠢᠬᠠᠨ ᠫᠷᠣᠭ᠍ᠷᠠᠮ ᠢᠶᠠᠷ ᠢᠳᠡᠪᠬᠢ ᠬᠦᠴᠦᠨ ᠢ ᠤᠯᠠᠮᠵᠢᠯᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠵᠡᠭᠦᠯᠭᠡ ᠨᠢ ᠭᠤᠶᠢᠳᠠ ᠰᠠᠶᠢᠬᠠᠨ ᠱᠠᠨ ᠰᠢ ᠵᠦᠴᠦᠭᠡ ︽ᠠᠮᠤ ᠪᠤᠳᠠᠭ᠎ᠠ︾ ᠳᠤᠮᠳᠠ ᠬᠥᠰᠢᠭᠡ ᠪᠠᠨ ᠰᠡᠬᠦᠪᠡ᠃      ᠣᠶᠢᠯᠠᠭᠠᠭᠰᠠᠨ ᠢᠶᠠᠷ᠂ ᠡᠨᠡ ᠵᠢᠯ ᠤᠨ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠭᠤᠣᠯ ᠰᠡᠳᠦᠪ ᠨᠢ ︽ᠰᠣᠶᠣᠯ ᠤᠨ ᠣᠷᠳᠣᠨ᠄ ᠠᠷᠠᠳ ᠤᠨ ᠨᠠᠰᠤᠨ ᠲᠤᠷᠰᠢᠲᠠ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠭᠤᠯᠢ︾ ᠪᠣᠯᠣᠨ᠎ᠠ᠂ ᠲᠣᠰ ᠤᠳᠠᠭᠠᠨ ᠤ ᠠᠵᠢᠯᠯᠠᠭ᠎ᠠ ᠨᠢ ᠰᠣᠶᠣᠯ ᠤᠨ ᠣᠷᠳᠣᠨ ᠤ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ ᠳᠡᠯᠭᠡᠷᠡᠭᠦᠯᠵᠦ᠂ ᠠᠷᠠᠳ ᠣᠯᠠᠨ ᠤ ᠰᠣᠶᠣᠯ ᠤᠨ ᠠᠵᠢᠯᠯᠠᠭ᠎ᠠ ᠶᠢᠨ ᠲᠤᠬᠠᠢ ᠲᠠᠨᠢᠯᠲᠠ ᠪᠠ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠨᠠᠩ ᠣᠯᠠᠨ ᠬᠥᠮᠥᠨ ᠳᠤ ᠰᠣᠶᠣᠯ ᠤᠨ ᠠᠪᠴᠢᠷᠠᠭᠰᠠᠨ ᠪᠠᠶᠠᠷ ᠴᠡᠩᠭᠡᠯ ᠪᠠ ᠰᠢᠮ᠎ᠡ ᠲᠡᠵᠢᠭᠡᠯ ᠢ ᠡᠳ᠋ᠯᠡᠭᠦᠯᠬᠦ ᠶᠢᠨ ᠲᠥᠯᠥᠭᠡ ᠶᠤᠮ᠃ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠣᠶᠣᠯ ᠤᠨ ᠣᠷᠳᠣᠨ ᠪᠣᠯᠣᠨ ᠠᠷᠠᠳ ᠣᠯᠠᠨ ᠤ ᠬᠤᠭᠤᠷᠣᠨᠳᠣᠬᠢ ᠬᠠᠷᠢᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠰᠣᠶᠣᠯ ᠤᠨ ᠣᠷᠳᠣᠨ ᠢ ᠠᠷᠠᠳ ᠲᠦᠮᠡᠨ ᠤ ᠰᠡᠳᠬᠢᠯ ᠳᠠᠬᠢ ᠰᠣᠶᠣᠯ ᠤᠨ ᠭᠡᠷ ᠣᠷᠣᠨ ᠪᠣᠯᠭᠠᠬᠤ ᠶᠢ ᠬᠦᠰᠡᠵᠦ ᠪᠠᠶᠢᠨ᠎ᠠ᠃      ᠦᠴᠦᠸᠠᠨ ᠰᠢᠶᠠᠨ ᠤ ᠰᠣᠶᠣᠯ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ︽ᠣᠯᠠᠨ ᠲᠦᠮᠡᠨ ᠳᠤ ᠦᠢᠯᠡᠴᠢᠯᠡᠵᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ︾ ᠵᠣᠷᠢᠯᠲᠠ ᠶᠢ ᠪᠠᠷᠢᠮᠲᠠᠯᠠᠵᠤ᠂ ᠥᠷᠭᠡᠨ ᠣᠯᠠᠨ ᠠᠷᠠᠳ ᠲᠦᠮᠡᠨ ᠳᠤ ᠨᠠᠩ ᠴᠢᠨᠠᠷ ᠰᠠᠶᠢᠲᠠᠢ᠂ ᠨᠠᠩ ᠳᠣᠲᠣᠨᠣ ᠰᠣᠶᠣᠯ ᠤᠨ ᠦᠢᠯᠡᠴᠢᠯᠡᠭᠡ ᠬᠠᠩᠭᠠᠬᠤ ᠪᠣᠯᠣᠨ᠎ᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ)              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号