ᠮᠠᠨ ᠤ ᠣᠷᠣᠨ 1.49 ᠲᠦᠮᠡᠨ ᠬᠥᠮᠥᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠲᠤᠭ᠎ᠠ ᠶᠣᠰᠣᠭᠠᠷ ᠭᠦᠢᠴᠡᠳ ᠣᠯᠭᠤᠪᠠ
ᠨᠡᠶᠢᠲᠡᠯᠡᠭᠰᠡᠨ ᠴᠠᠭ᠄
2024/5/24
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ  ᠤᠨ ᠲᠦᠷᠦᠭᠦᠦ ᠤᠯᠠᠷᠢᠯ ᠳᠤ ᠪᠦᠭᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 4.43 ᠳ᠋ᠦᠩᠰᠢᠭᠤᠷ ᠲᠥᠭᠦᠷᠢᠭ ᠲᠤ ᠬᠦᠷᠴᠦ᠂ ᠵᠠᠷᠤᠯᠭ᠎ᠠ 4.3 ᠳ᠋ᠦᠩᠰᠢᠭᠤᠷ ᠲᠥᠭᠦᠷᠢᠭ  ᠲᠤ ᠬᠦᠷᠴᠦ᠂ 1.49 ᠲᠦᠮᠡᠨ ᠬᠥᠮᠥᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠭᠤᠯ᠎ᠠ᠃      ᠮᠠᠨ ᠤ ᠣᠷᠣᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠣᠰ ᠬᠤᠭᠤᠴᠠᠭᠠᠨ ᠤ ᠡᠯ᠎ᠡ ᠵᠦᠢᠯ ᠤᠨ ᠣᠷᠣᠯᠭ᠎ᠠ ᠶᠢ  ᠡᠳ᠋ ᠤᠨ ᠵᠠᠰᠠᠭ ᠤᠨ ᠲᠤᠰᠬᠠᠢ ᠲᠠᠩᠰᠠᠨ ᠳᠤ ᠣᠷᠣᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠵᠡᠷᠭᠡ ᠰᠠᠭᠤᠷᠢ ᠮᠥᠩᠭᠦ ᠶᠢᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠬᠢᠨᠠᠨ ᠲᠣᠭᠲᠠᠭᠠᠵᠤ ᠨᠢᠭᠡᠳᠦᠯᠲᠡᠢ ᠪᠠᠭᠤᠯᠭᠠᠨ᠂ ᠣᠷᠣᠯᠭ᠎ᠠ ᠵᠠᠷᠤᠯᠭ᠎ᠠ ᠶᠢ ᠬᠤᠶᠠᠷ ᠱᠤᠭᠤᠮ ᠢᠶᠠᠷ ᠪᠦᠭᠦ ᠲᠤᠭ᠎ᠠ ᠪᠠᠷ ᠪᠠᠭᠤᠯᠭᠠᠬᠤ᠂ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠴᠠᠭᠤᠯᠬᠤ ᠶᠢ ᠬᠡᠷᠡᠭᠵᠢᠭᠦᠯᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠣᠯᠣᠨ ᠣᠯᠭᠤᠮᠵᠢ ᠶᠢ ᠴᠠᠭ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠣᠯᠭᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠠᠶᠢᠮᠠᠭ ᠬᠤᠲᠠ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ᠂ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠪᠠ ᠰᠠᠭᠤᠷᠢ ᠮᠥᠩᠭᠦ ᠶᠢ ᠬᠠᠮᠢᠶᠠᠷᠬᠤ᠂ ᠣᠯᠭᠤᠮᠵᠢ ᠶᠢ ᠴᠠᠭ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠣᠯᠭᠤᠬᠤ ᠵᠡᠷᠭᠡ ᠲᠠᠯ᠎ᠠ ᠪᠠᠷ ᠬᠢ ᠠᠵᠢᠯ ᠤᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠪᠡ᠃      ᠣᠶᠢᠯᠠᠭᠠᠭᠰᠠᠨ ᠢᠶᠠᠷ᠂ ᠮᠠᠨ ᠤ ᠣᠷᠣᠨ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠠᠴᠠ ᠡᠬᠢᠯᠡᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠴᠠᠭᠤᠯᠬᠤ ᠶᠢ ᠪᠦᠭᠦ ᠲᠠᠯ᠎ᠠ ᠪᠠᠷ ᠪᠡᠶᠡᠯᠡᠭᠦᠯᠬᠦ ᠪᠣᠯᠣᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠴᠠᠭᠤᠯᠬᠤ ᠪᠣᠯᠭᠠᠨ ᠬᠤᠪᠢᠷᠠᠭᠤᠯᠬᠤ ᠨᠢ ᠪᠦᠭᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠢ ᠲᠥᠷᠥ ᠶᠢᠨ ᠪᠣᠳᠣᠯᠭ᠎ᠠ ᠪᠠᠷ ᠭᠤᠣᠯ ᠪᠤᠯᠭᠠᠵᠤ᠂ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠴᠠᠭᠤᠯᠬᠤ ᠪᠠᠷ ᠰᠠᠭᠤᠷᠢ ᠪᠣᠯᠭᠠᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠷ ᠬᠢᠵᠠᠭᠠᠷᠯᠠᠯ ᠪᠤᠯᠭᠠᠵᠤ᠂ ᠰᠠᠭᠤᠷᠢ ᠮᠥᠩᠭᠦ ᠶᠢᠨ ᠲᠥᠰᠥᠪ ᠤᠨ ᠬᠠᠮᠢᠶᠠᠷᠤᠯᠲᠠ ᠪᠠᠷ ᠠᠷᠭ᠎ᠠ ᠪᠠᠷᠢᠯ ᠪᠣᠯᠭᠠᠨ᠂ ᠮᠡᠳᠡᠭᠡ ᠵᠠᠩᠭᠢ ᠶᠢᠨ ᠬᠠᠮᠢᠶᠠᠷᠤᠯᠲᠠ ᠪᠠ ᠭᠠᠷᠲᠠᠨ ᠭᠦᠢᠴᠡᠳᠬᠡᠬᠦ ᠬᠠᠮᠢᠶᠠᠷᠤᠯᠲᠠ ᠪᠠᠷ ᠲᠦᠰᠢᠭ ᠪᠤᠯᠭᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠯᠡᠵᠦ ᠬᠠᠮᠢᠶᠠᠷᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠠᠭᠤᠷᠢ ᠮᠥᠩᠭᠦ ᠶᠢᠨ ᠣᠷᠳᠣ ᠬᠤᠭᠤᠴᠠᠭ᠎ᠠ ᠪᠠᠷ ᠲᠣᠭᠲᠠᠭᠤᠨ ᠪᠥᠭᠡᠳ ᠠᠮᠤᠷ ᠲᠦᠪᠰᠢᠨ ᠢᠶᠠᠷ ᠡᠷᠭᠢᠬᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号