ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠳᠦᠷᠰᠦ ᠰᠢᠩᠭᠡᠭᠡᠯᠲᠡ ᠶᠢ 90 ᠡᠳᠦᠷ ᠠᠴᠠ ᠢᠯᠡᠭᠦᠦ ᠬᠠᠳᠠᠭᠠᠯᠠᠨ᠎ᠠ
ᠨᠡᠶᠢᠲᠡᠯᠡᠭᠰᠡᠨ ᠴᠠᠭ᠄
2024/5/24
     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠣᠶᠢᠷ᠎ᠠ ᠳᠤ ᠨᠡᠶᠢᠲᠡᠯᠡᠭᠰᠡᠨ ᠲᠠᠨᠢᠯᠴᠠᠭᠤᠯᠭ᠎ᠠ ᠶᠢᠨ ᠴᠢᠨᠠᠷᠲᠠᠢ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠪᠠᠷᠢᠮᠵᠢᠶ᠎ᠠ ᠪᠤᠯᠬᠤ︽ᠬᠡᠦᠬᠡᠳ ᠰᠠᠭᠠᠲᠠᠭᠤᠯᠤᠨ ᠬᠥᠮᠥᠵᠢᠭᠦᠯᠬᠦ ᠪᠠᠶᠢᠭᠤᠯᠤᠮᠵᠢ ᠶᠢᠨ ᠶᠠᠰᠤ ᠴᠢᠨᠠᠷ ᠢ ᠦᠨᠡᠯᠡᠨ ᠵᠢᠱᠢᠬᠦ ᠪᠠᠷᠢᠮᠵᠢᠶ᠎ᠠ︾  ︵ᠳᠣᠷᠣᠭᠰᠢ ︽ᠪᠠᠷᠢᠮᠵᠢᠶ᠎ᠠ︾ᠭᠡᠵᠦ ᠲᠣᠪᠴᠢᠯᠠᠨ᠎ᠠ︶ ᠶᠢ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠂ ᠳᠤᠰ  ︽ᠪᠠᠷᠢᠮᠵᠢᠶ᠎ᠠ︾   ᠳᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠠᠭᠠᠲᠠᠭᠤᠯᠤᠨ ᠬᠥᠮᠥᠵᠢᠭᠦᠯᠬᠦ ᠨᠥᠬᠦᠴᠡᠯ᠂ ᠰᠠᠭᠠᠲᠠᠭᠤᠯᠤᠨ ᠬᠥᠮᠥᠵᠢᠭᠦᠯᠬᠦ ᠡᠩᠨᠡᠭᠡ᠂ ᠬᠠᠷᠠᠭᠠᠯᠵᠠᠨ ᠠᠰᠠᠷᠠᠬᠤ᠂ ᠡᠷᠡᠭᠦᠯ ᠬᠠᠮᠠᠭᠠᠯᠠᠯ ᠡᠷᠡᠭᠦᠯᠵᠢᠯ᠂  ᠠᠮᠤᠷ ᠲᠦᠪᠰᠢᠨ ᠤ ᠪᠠᠲᠤᠯᠠᠭ᠎ᠠ᠂ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠦᠨᠡᠯᠡᠨ ᠵᠢᠱᠢᠬᠦ   ᠪᠠᠷᠢᠮᠵᠢᠶ᠎ᠠ ᠭᠠᠷᠭᠠᠵᠠᠢ᠃      ︽ᠪᠠᠷᠢᠮᠵᠢᠶ᠎ᠠ︾ ᠳᠤ᠂ ᠬᠡᠦᠬᠡᠳ ᠰᠠᠭᠠᠲᠠᠭᠤᠯᠤᠨ ᠬᠥᠮᠥᠵᠢᠭᠦᠯᠬᠦ ᠪᠠᠶᠢᠭᠤᠯᠤᠮᠵᠢ ᠪᠣᠯ ᠨᠢᠭᠡᠴᠢ ︵ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ︶ ᠪᠤᠶᠤ ᠬᠤᠪᠢ ᠬᠥᠮᠥᠨ ᠠᠴᠠ ᠡᠷᠭᠢᠯᠡᠵᠦ᠂  3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠲᠤ ᠬᠠᠨᠳᠤᠭᠤᠯᠤᠨ ᠪᠦᠬᠦᠯᠢ ᠡᠳᠦᠷ ᠢᠶᠠᠷ ᠬᠡᠦᠬᠡᠳ ᠰᠠᠭᠠᠲᠠᠭᠤᠯᠬᠤ᠂ ᠬᠠᠭᠠᠰ ᠡᠳᠦᠷ ᠢᠶᠠᠷ ᠬᠡᠦᠬᠡᠳ ᠰᠠᠭᠠᠲᠠᠭᠤᠯᠬᠤ᠂ ᠴᠠᠭ ᠢᠶᠠᠷ ᠪᠤᠳᠤᠵᠤ ᠬᠡᠦᠬᠡᠳ ᠰᠠᠭᠠᠲᠠᠭᠤᠯᠬᠤ᠂ ᠲᠦᠷ ᠴᠠᠭ ᠬᠡᠦᠬᠡᠳ ᠰᠠᠭᠠᠲᠠᠭᠤᠯᠬᠤ ᠵᠡᠷᠭᠡ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠬᠤ ᠪᠠᠶᠢᠭᠤᠯᠤᠮᠵᠢ ᠪᠣᠯᠣᠨ᠎ᠠ᠃ ᠰᠠᠭᠠᠲᠠᠭᠤᠯᠤᠨ ᠬᠥᠮᠥᠵᠢᠭᠦᠯᠬᠦ ᠪᠠᠶᠢᠭᠤᠯᠤᠮᠵᠢ ᠨᠢ  ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡ ᠬᠠᠩᠭᠠᠭᠰᠠᠨ ᠡᠵᠡᠩᠨᠡᠯᠲᠡ ᠶᠢᠨ ᠦᠨᠡᠮᠯᠡᠯ ᠢ ᠣᠯᠵᠤ᠂ ᠡᠵᠡᠩᠨᠡᠯᠲᠡ ᠶᠢᠨ ᠬᠡᠪᠴᠢᠶ᠎ᠡ ᠳᠡᠭᠡᠨ ︽ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡ︾ ᠪᠤᠶᠤ ︽3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡ︾ ᠶᠢ ᠲᠣᠳᠣᠷᠬᠠᠶᠢᠯᠠᠬᠤ ᠬᠡᠷᠡᠭᠲᠡᠢ᠃ ᠨᠢᠯᠬ᠎ᠠ ᠬᠡᠦᠬᠡᠳ ᠤᠨ ᠲᠣᠭᠯᠠᠭᠠᠮ ᠢ ᠬᠠᠩᠭᠠᠵᠤ ᠠᠮᠢᠳᠤᠷᠠᠯ ᠳᠤ ᠬᠡᠷᠡᠭᠯᠡᠬᠦ ᠦᠷᠦᠭᠡ ᠪᠠᠶᠢᠷᠢ ᠵᠢᠴᠢ ᠵᠣᠬᠢᠰᠲᠠᠢ ᠲᠤᠰᠠᠯᠠᠬᠤ ᠪᠠᠶᠢᠷᠢ ᠪᠠᠶᠢᠬᠤ ᠬᠡᠷᠡᠭᠲᠡᠢ᠃      ︽ᠪᠠᠷᠢᠮᠵᠢᠶ᠎ᠠ︾ ᠶᠢ ᠦᠨᠳᠦᠰᠦᠯᠡᠪᠡᠯ᠂ ᠰᠠᠭᠠᠲᠠᠭᠤᠯᠤᠨ ᠬᠥᠮᠥᠵᠢᠭᠦᠯᠬᠦ ᠪᠠᠶᠢᠭᠤᠯᠤᠮᠵᠢ ᠨᠢ ᠠᠮᠤᠷ ᠲᠦᠪᠰᠢᠨ ᠤ ᠲᠥᠬᠦᠭᠡᠷᠦᠮᠵᠢ ᠶᠢ ᠪᠦᠷᠢᠯᠳᠦᠭᠦᠯᠵᠦ᠂ ᠨᠢᠭᠡ ᠳᠠᠷᠤᠪᠴᠢᠲᠤ ᠰᠡᠷᠡᠮᠵᠢ ᠶᠢᠨ ᠳᠣᠬᠢᠶ᠎ᠠ ᠤᠭᠰᠠᠷᠠᠵᠤ᠂ ᠴᠢᠬᠤᠯᠠ ᠪᠦᠬᠦᠢ ᠭᠠᠯ ᠤᠨᠲᠠᠷᠠᠭᠠᠬᠤ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠃ ᠨᠢᠯᠬ᠎ᠠ ᠬᠡᠦᠬᠡᠳ ᠤᠨ ᠠᠮᠢᠳᠤᠷᠠᠯ ᠤᠨ ᠲᠠᠯᠠᠪᠤᠷ ᠲᠤ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠬᠤ ᠪᠥᠭᠡᠳ ᠪᠦᠭᠦᠨ ᠢ ᠬᠠᠮᠤᠷᠤᠨ᠎ᠠ᠃ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ 90 ᠡᠳᠦᠷ ᠠᠴᠠ ᠢᠯᠡᠭᠦᠦ ᠬᠠᠳᠠᠭᠠᠯᠠᠬᠤ ᠬᠡᠷᠡᠭᠲᠡᠢ᠃ ᠡᠳᠦᠷ ᠲᠤᠲᠤᠮ ᠤᠨ ᠠᠮᠢᠳᠤᠷᠠᠯ ᠬᠢᠭᠡᠳ ᠠᠵᠢᠯᠯᠠᠭ᠎ᠠ ᠶᠢᠨ ᠳᠤᠮᠳᠠ ᠨᠢᠯᠬ᠎ᠠ ᠨᠢᠷᠠᠢ ᠬᠡᠦᠬᠡᠳ ᠲᠤ ᠠᠮᠤᠷ ᠲᠦᠪᠰᠢᠨ ᠤ ᠬᠥᠮᠦᠵᠢᠯ ᠢ ᠨᠡᠪᠴᠢᠭᠦᠯᠵᠦ᠂ ᠨᠢᠯᠬ᠎ᠠ ᠨᠢᠷᠠᠢ ᠬᠡᠦᠬᠡᠳ ᠤᠨ ᠰᠤᠷᠭᠠᠨ ᠬᠥᠮᠦᠵᠢᠯ ᠭᠦᠷᠳᠡᠭᠦ ᠨᠣᠷᠮ᠎ᠠ ᠶᠢ 100% ᠳᠤ ᠬᠦᠷᠦᠭᠦᠯᠬᠦ ᠬᠡᠷᠡᠭᠲᠡᠢ᠃ ᠨᠢᠯᠬ᠎ᠠ ᠬᠡᠦᠬᠡᠳ ᠤᠨ ᠭᠡᠷ ᠤᠨ ᠠᠬᠠᠮᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠬᠥᠮᠦᠵᠢᠯ ᠢ ᠥᠷᠨᠢᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ︽ᠪᠠᠷᠢᠮᠵᠢᠶ᠎ᠠ︾ ᠳᠤ᠂ ᠰᠠᠭᠠᠲᠠᠭᠤᠯᠤᠨ ᠬᠥᠮᠥᠵᠢᠭᠦᠯᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠵᠤ᠂ ᠬᠡᠦᠬᠡᠳ ᠢ ᠠᠰᠠᠷᠠᠨ ᠬᠥᠮᠥᠵᠢᠭᠦᠯᠬᠦ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ 3 ᠵᠢᠯ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号