ᠦᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ 2024 ᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠡᠷᠡᠭᠵᠢᠭᠦᠯᠬᠦ ᠲᠥᠰᠥᠯ︾
ᠨᠡᠶᠢᠲᠡᠯᠡᠭᠰᠡᠨ ᠴᠠᠭ᠄
2024/5/24
    ᠨᠢᠭᠡ᠂ ︽ᠲᠥᠰᠥᠯ︾ ᠢ ᠲᠤᠭᠤᠷᠪᠢᠭᠰᠠᠨ ᠠᠬᠤᠢ ᠪᠠᠶᠢᠳᠠᠯ    ᠶᠡᠷᠦᠩᠬᠡᠢ ᠱᠦᠵᠢ ᠰᠢ ᠶᠢᠨ ᠫᠢᠩ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠪᠠ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ︽ᠮᠤᠵᠢ ᠶᠢᠨ ᠲᠠᠰ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠦᠨᠡᠯᠡᠨ ᠵᠢᠱᠢᠬᠦ ᠠᠷᠭ᠎ᠠ ᠪᠠ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠨᠡᠯᠡᠨ ᠵᠢᠱᠢᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︽ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠦᠨᠡᠯᠡᠨ ᠵᠢᠱᠢᠬᠦ ᠬᠤᠯᠪᠣᠭᠳᠠᠯ ᠪᠦᠬᠦᠢ ᠵᠦᠢᠯᠡᠰ ᠢ ᠲᠣᠬᠢᠷᠠᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠵᠠᠬᠢᠳᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ︽ᠬᠥᠬᠡᠬᠤᠲᠠ ᠶᠢᠨ 2024 ᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠦᠨᠡᠯᠡᠨ ᠵᠢᠱᠢᠬᠦ ᠠᠵᠢᠯ ᠤᠨ ᠬᠡᠷᠡᠭᠵᠢᠭᠦᠯᠬᠦ ᠲᠥᠰᠥᠯ︾ ᠤᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠥᠰᠥᠯ ᠲᠤᠭᠤᠷᠪᠢᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠠᠮᠲᠤ ᠪᠠᠷ ᠰᠤᠳᠤᠯᠤᠭᠰᠠᠨ ᠪᠥᠭᠡᠳ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠵᠤ᠂ ᠲᠤᠰᠬᠠᠢ ᠰᠡᠳᠦᠪᠲᠦ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠦᠭᠰᠡᠨ ᠤ ᠬᠠᠮᠲᠤ ᠤᠳᠤᠷᠢᠳᠤᠯᠭ᠎ᠠ ᠶᠢᠨ ᠵᠢᠭᠠᠪᠤᠷᠢ ᠶᠣᠰᠣᠭᠠᠷ ᠳᠠᠬᠢᠨᠲᠠ ᠵᠠᠰᠠᠪᠤᠷᠢ ᠣᠷᠣᠭᠤᠯᠵᠤ᠂ ᠡᠴᠦᠰ ᠲᠡᠭᠡᠨ ᠲᠣᠰ ᠲᠥᠰᠥᠯ ᠢ ᠪᠦᠷᠢᠯᠳᠦᠭᠦᠯᠪᠡ᠃    ᠬᠤᠶᠠᠷ᠂ ᠲᠥᠰᠥᠯ ᠤᠨ ᠪᠦᠲᠦᠴᠡ    ︽ᠲᠥᠰᠥᠯ︾ ᠢ ᠨᠡᠶᠢᠲᠡ ᠳᠥᠷᠪᠡᠨ ᠬᠡᠰᠡᠭ ᠬᠤᠪᠢᠶᠠᠪᠠ᠂ ᠨᠢᠭᠡᠳᠦᠭᠡᠷ ᠬᠡᠰᠡᠭ ᠨᠢ ᠵᠢᠯᠤᠭᠤᠳᠬᠤ ᠦᠵᠡᠯ ᠰᠠᠨᠠᠭ᠎ᠠ᠂ ᠬᠤᠶᠠᠳᠤᠭᠠᠷ ᠬᠡᠰᠡᠭ ᠨᠢ ᠠᠵᠢᠯ ᠤᠨ ᠬᠠᠷᠠᠯᠲᠠ᠂ ᠭᠤᠷᠪᠠᠳᠤᠭᠠᠷ ᠬᠡᠰᠡᠭ ᠨᠢ ᠭᠤᠣᠯ ᠡᠭᠦᠷᠭᠡ᠂ ᠳᠥᠷᠪᠡᠳᠦᠭᠡᠷ ᠬᠡᠰᠡᠭ  ᠨᠢ ᠠᠵᠢᠯ ᠤᠨ ᠱᠠᠭᠠᠷᠳᠠᠯᠭ᠎ᠠ ᠪᠣᠯᠣᠨ᠎ᠠ᠃    ᠭᠤᠷᠪᠠ᠂ ᠭᠤᠣᠯᠳᠠᠯᠭ᠎ᠠ ᠲᠠᠢ ᠠᠭᠤᠯᠭ᠎ᠠ    ᠨᠢᠭᠡᠳᠦᠭᠡᠷ ᠬᠡᠰᠡᠭ᠂ ᠵᠢᠯᠤᠭᠤᠳᠬᠤ ᠦᠵᠡᠯ ᠰᠠᠨᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠰᠢᠷᠢᠰ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠥᠬᠦ ᠨᠡᠶᠢᠭᠡᠮ ᠤᠨ ᠪᠣᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠤᠷᠤᠰᠬᠠᠯ ᠪᠦᠷᠢᠯᠳᠦᠬᠦ ᠶᠢ ᠠᠬᠢᠭᠤᠯᠵᠤ᠂ ᠠᠷᠠᠳ ᠣᠯᠠᠨ ᠢ ᠨᠠᠩ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠨ᠎ᠠ᠃    ᠬᠤᠶᠠᠳᠤᠭᠠᠷ ᠬᠡᠰᠡᠭ᠂ ᠠᠵᠢᠯ ᠤᠨ ᠬᠠᠷᠠᠯᠲᠠ ᠨᠢ 2024 ᠣᠨ ᠳᠤ ᠪᠥᠬᠦ ᠰᠢᠶᠠᠨ ᠤ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠰᠠᠭᠤᠭᠠᠯᠢ ᠠᠷᠠᠳ ᠤᠨ ᠲᠣᠭᠤᠷᠢᠭ᠂ ᠣᠯᠠᠨ ᠨᠡᠶᠢᠲᠡ ᠶᠢᠨ ᠪᠠᠶᠢᠭᠤᠯᠤᠮᠵᠢ᠂ ᠣᠯᠠᠨ ᠨᠡᠶᠢᠲᠡ ᠶᠢᠨ ᠲᠠᠯᠠᠪᠤᠷ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠶᠢ 70% ᠳᠤ ᠬᠦᠷᠦᠭᠦᠯᠵᠦ᠂ ᠣᠷᠣᠯᠴᠠᠬᠤ ᠨᠣᠷᠮ᠎ᠠ ᠶᠢ 50% ᠳᠤ ᠬᠦᠷᠦᠭᠦᠯᠵᠦ᠂ ᠨᠠᠮ ᠤᠨ ᠪᠠᠶᠢᠭᠤᠯᠤᠯᠲᠠ ᠪᠠᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠥᠲᠥᠯᠥᠨ ᠳᠠᠭᠠᠭᠤᠯᠵᠤ ᠠᠬᠢᠭᠤᠯᠬᠤ ᠶᠢ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠪᠠᠲᠤᠳᠬᠠᠬᠤ ᠴᠢᠬᠤᠯᠠ ᠭᠠᠷᠳᠠᠴᠠ ᠪᠣᠯᠭᠠᠵᠤ᠂ ᠴᠧᠩ ᠭᠤᠸᠠᠨ ᠪᠠᠯᠭᠠᠰᠤ ᠶᠢᠨ ︽ᠨᠢᠭᠡ ᠪᠠᠯᠭᠠᠰᠤ ᠲᠤᠯᠤᠭᠠᠨ ᠲᠣᠰᠬᠤᠨ︾ ᠤ ᠬᠤᠭ ᠨᠣᠪᠰᠢ ᠶᠢ ᠲᠥᠷᠥᠯ ᠬᠤᠪᠢᠶᠠᠬᠤ ᠶᠢ ᠨᠡᠶᠢᠳᠡᠮ ᠠᠬᠢᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠪᠥᠬᠦ ᠰᠢᠶᠠᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠳᠤ ᠳᠠᠭᠤᠷᠢᠶᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠠᠮᠵᠢᠯᠲᠠ ᠲᠠᠢ ᠲᠤᠷᠰᠢᠯᠭ᠎ᠠ ᠬᠠᠩᠭᠠᠨ᠎ᠠ᠃    ᠭᠤᠷᠪᠠᠳᠤᠭᠠᠷ ᠬᠡᠰᠡᠭ᠂ ᠭᠤᠣᠯ ᠡᠭᠦᠷᠭᠡ ᠨᠢ ᠨᠢᠭᠡ ᠳᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠪᠣᠯᠣᠨ᠎ᠠ᠃ ① ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠢᠶᠠᠨ᠂ ᠰᠢᠶᠠᠩ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠭᠤᠣᠯ ᠬᠠᠷᠢᠭᠤᠴᠠᠯᠭᠠᠲᠠᠨ ᠨᠥᠬᠦᠳ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠪᠤᠶᠤ ᠬᠢᠨᠠᠨ ᠵᠢᠯᠤᠭᠤᠳᠴᠤ ᠪᠠᠶᠢᠴᠠᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠵᠢᠯ ᠪᠦᠷᠢ ᠨᠢᠭᠡ ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠬᠠᠭᠠᠰ ᠵᠢᠯ ᠪᠦᠷᠢ ᠨᠢᠭᠡ ᠤᠳᠠᠭ᠎ᠠ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ︔ ② ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠰᠢᠶᠠᠨ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ ᠤ ᠠᠷᠠᠳ ᠤᠨ ᠵᠥᠪᠯᠡᠯ︶ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠠᠮᠲᠤᠷᠠᠭᠰᠠᠨ ᠬᠤᠷᠠᠯ ᠤᠨ ᠳᠦᠷᠢᠮ ᠢ ᠪᠦᠷᠢᠨᠰᠢᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ᠎ᠠ︔ ᠠᠵᠢᠯ ᠤᠨ ᠲᠥᠰᠥᠯ ᠢ ᠲᠣᠭᠲᠠᠭᠠᠵᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠣᠨ ᠤ ᠠᠵᠢᠯ ᠤᠨ ᠲᠥᠰᠥᠯ ᠢ ᠲᠣᠭᠲᠠᠭᠠᠨ᠎ᠠ︔ ④ ᠪᠠᠷᠢᠮᠵᠢᠶ᠎ᠠ ᠲᠣᠭᠲᠠᠭᠠᠵᠤ᠂ ᠪᠢᠴᠢᠭ ᠮᠠᠲ᠋ᠧᠷᠢᠶᠠᠯ ᠳᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠯᠤᠭᠤᠳᠬᠤ ᠭᠠᠷᠴᠠᠭ᠂ ᠠᠮᠢᠳᠤᠷᠠᠯ ᠤᠨ ᠬᠤᠭ ᠨᠣᠪᠰᠢ ᠶᠢᠨ ᠪᠡᠯᠡᠳᠬᠡᠮᠵᠢ ᠲᠥᠬᠦᠭᠡᠷᠦᠮᠵᠢ ᠶᠢ ᠲᠣᠬᠢᠷᠠᠭᠤᠯᠬᠤ ᠵᠢᠷᠤᠮᠵᠢᠯ ᠪᠠ ᠠᠵᠢᠯ ᠤᠨ ᠵᠢᠯᠣᠭᠤᠳᠤᠮᠵᠢ ᠶᠢ ᠲᠣᠭᠲᠠᠭᠠᠨ ᠳᠠᠷᠤᠮᠠᠯᠯᠠᠨ ᠲᠠᠷᠬᠠᠭᠠᠨ᠎ᠠ︔ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠠᠭᠤᠯᠭ᠎ᠠ ᠳᠤ ᠣᠷᠣᠭᠤᠯᠤᠨ᠎ᠠ᠃    ᠬᠤᠶᠠᠷ ᠲᠤ᠂ ᠡᠬᠢ ᠡᠭᠦᠰᠦᠯ ᠠᠴᠠ ᠨᠢ ᠬᠡᠮᠵᠢᠶ᠎ᠡ ᠶᠢ ᠨᠢ ᠪᠠᠭᠠᠰᠬᠠᠬᠤ ᠶᠢ ᠴᠢᠩᠭᠠᠳᠬᠠᠨ᠎ᠠ᠃ ① ᠲᠠᠸᠠᠷ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠬᠡᠮᠵᠢᠶ᠎ᠡ ᠶᠢ ᠪᠠᠭᠠᠰᠬᠠᠬᠤ ᠶᠢ ᠠᠬᠢᠭᠤᠯᠤᠨ᠎ᠠ᠃ ᠲᠦᠷᠭᠡᠨ ᠬᠦᠷᠭᠡᠯᠲᠡ᠂ ᠲᠠᠸᠠᠷ ᠤᠨ ᠪᠣᠭᠤᠳᠠᠯ ᠤᠨ ᠬᠡᠮᠵᠢᠶ᠎ᠡ ᠶᠢ ᠪᠠᠭᠠᠰᠬᠠᠬᠤ ᠶᠢ ᠲᠤᠰᠬᠠᠢ ᠴᠡᠭᠴᠡᠯᠡᠨ ᠵᠠᠰᠠᠬᠤ ᠲᠥᠰᠥᠯ ᠢ ᠲᠣᠭᠲᠠᠭᠠᠬᠤ ᠶᠢᠨ ᠬᠠᠮᠲᠤ ᠪᠦᠲᠦᠮᠵᠢᠲᠡᠢ ᠬᠡᠷᠡᠭᠵᠢᠭᠦᠯᠵᠦ᠂ ᠪᠦᠬᠦ ᠰᠢᠶᠠᠨ ᠤ ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ᠂ ᠪᠦᠬᠦ ᠰᠢᠶᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ᠂ ᠲᠣᠣᠷ ᠴᠡᠭ ᠤᠨ ᠣᠷᠴᠢᠯᠳᠤᠭᠤᠯᠤᠨ ᠠᠰᠢᠭᠯᠠᠵᠤ ᠪᠣᠯᠬᠤ ᠪᠣᠭᠤᠳᠠᠯ ᠬᠡᠷᠡᠭᠯᠡᠬᠦ ᠶᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠯᠪᠣᠭᠳᠠᠯ ᠪᠦᠬᠦᠢ ᠰᠦᠯᠢᠶᠥᠦ ᠶᠢᠨ ᠪᠣᠬᠢᠷᠲᠤᠯ ᠢ ᠵᠠᠰᠠᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠢᠯ ᠤᠨ ᠲᠥᠰᠥᠯ ᠲᠣᠭᠲᠠᠭᠠᠬᠤ ᠶᠢᠨ ᠬᠠᠮᠲᠤ ᠪᠦᠲᠦᠮᠵᠢᠲᠡᠢ ᠬᠡᠷᠡᠭᠵᠢᠭᠦᠯᠦᠨ᠎ᠡ︔ ② ᠰᠦᠯᠢᠶᠥᠦ ᠶᠢ ᠬᠢᠵᠠᠭᠠᠷᠯᠠᠬᠤ ᠵᠠᠷᠯᠢᠭ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠰᠦᠯᠢᠶᠥᠦ ᠶᠢᠨ ᠪᠣᠬᠢᠷᠲᠤᠯ ᠢ ᠵᠠᠰᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠢᠯ ᠤᠨ ᠲᠥᠰᠥᠯ ᠲᠣᠭᠲᠠᠭᠠᠬᠤ ᠶᠢᠨ ᠬᠠᠮᠲᠤ ᠪᠦᠲᠦᠮᠵᠢᠲᠡᠶ ᠪᠠᠷ ᠬᠡᠷᠡᠭᠵᠢᠭᠦᠯᠦᠨ᠎ᠡ︔ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠡᠮ ᠤᠨ ᠳᠡᠯᠭᠡᠭᠦᠷ᠂ ᠨᠣᠮ ᠤᠨ ᠳᠡᠯᠭᠡᠭᠦᠷ ᠵᠢᠴᠢ ᠢᠳᠡᠭᠡᠨ ᠤᠮᠳᠠᠭᠠᠨ ᠤ ᠭᠠᠳᠠᠭᠰᠢ ᠬᠤᠳᠠᠯᠳᠤᠬᠤ ᠦᠢᠯᠡᠴᠢᠯᠡᠭᠡ ᠶᠢ ᠵᠣᠬᠢᠰᠲᠠᠢ ᠪᠣᠭᠤᠳᠠᠯᠯᠠᠬᠤ ᠪᠣᠬᠢᠷᠲᠤᠯ ᠦᠭᠡᠢ ᠪᠣᠭᠤᠳᠠᠯᠯᠠᠬᠤ ᠶᠢ ᠨᠠᠶᠢᠳᠠᠪᠤᠷᠢᠵᠢᠭᠤᠯᠵᠤ᠂ ᠵᠠᠳᠠᠷᠠᠵᠤ ᠪᠣᠯᠬᠤ ᠪᠣᠭᠤᠳᠠᠯ ᠬᠡᠷᠡᠭᠯᠡᠬᠦ ᠶᠢ ᠳᠡᠯᠭᠡᠷᠡᠭᠦᠯᠦᠨ᠎ᠡ︔ ③ ᠨᠢᠭᠡ ᠯᠡ ᠤᠳᠠᠭ᠎ᠠ ᠬᠡᠷᠡᠭᠯᠡᠬᠦ ᠬᠡᠷᠡᠭᠰᠡᠯ ᠢ ᠬᠢᠵᠠᠭᠠᠷᠯᠠᠨ᠎ᠠ︔ ④ ︽ᠬᠤᠭᠤᠰᠣᠨ ᠫᠢᠯᠠ ᠶᠢᠨ ᠠᠵᠢᠯᠯᠠᠭ᠎ᠠ︾ ᠶᠢ ᠰᠠᠨᠠᠭᠠᠴᠢᠯᠠᠵᠤ᠂ ᠬᠡᠷᠡᠭᠯᠡᠭᠴᠢᠳ ᠢ ᠬᠥᠲᠥᠯᠥᠨ ᠵᠢᠯᠣᠭᠤᠳᠤᠨ᠎ᠠ︔ ⑤ ︽ᠪᠣᠬᠢᠷᠲᠤᠯ ᠦᠭᠡᠢ ᠠᠵᠢᠯᠯᠠᠬᠤ︾ ᠶᠢ ᠬᠡᠷᠡᠭᠵᠢᠭᠦᠯᠦᠨ᠎ᠡ᠃    ᠭᠤᠷᠪᠠ ᠳᠤ᠂ ᠲᠥᠷᠥᠯ ᠬᠤᠪᠢᠶᠠᠨ ᠬᠠᠶᠠᠨ᠎ᠠ᠃ ① ᠰᠠᠭᠤᠭᠠᠯᠢ ᠠᠷᠠᠳ ᠤᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢ ᠪᠦᠷᠢᠨ ᠪᠦᠷᠬᠦᠭᠦᠯᠦᠨ᠎ᠡ᠃ ︽ᠬᠥᠬᠡᠬᠤᠲᠠ ᠶᠢᠨ 2024 ᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠡᠷᠡᠭᠵᠢᠭᠦᠯᠬᠦ ᠲᠥᠰᠥᠯ︾ ᠪᠠ ︽ᠬᠥᠬᠡᠬᠤᠲᠠ ᠶᠢᠨ 2024 ᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠰᠢᠯᠭᠠᠨ ᠬᠢᠨᠠᠬᠤ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠤᠭ ᠨᠣᠪᠰᠢ ᠶᠢᠨ ᠰᠠᠪᠠ ᠶᠢ ᠬᠠᠰᠤᠵᠤ ᠴᠡᠭ ᠢ ᠨᠡᠶᠢᠯᠡᠭᠦᠯᠬᠦ ᠠᠵᠢᠯ ᠢ ᠠᠬᠢᠭᠤᠯᠵᠤ᠂ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ ᠰᠠᠭᠤᠭᠠᠯᠢ ᠠᠷᠠᠳ ᠤᠨ ᠲᠣᠭᠤᠷᠢᠭ ᠢ ᠲᠥᠷᠥᠯ ᠬᠤᠪᠢᠶᠠᠨ ᠬᠠᠶᠠᠬᠤ ᠪᠡᠯᠡᠳᠬᠡᠮᠵᠢ ᠶᠢᠨ ᠡᠬᠡ ᠲᠠᠩᠰᠠ ᠶᠢ ᠪᠠᠶᠢᠭᠤᠯᠬᠤ ᠶᠢᠨ ᠬᠠᠮᠲᠤ ᠰᠠᠷ᠎ᠠ ᠪᠠᠷ ᠰᠢᠨᠡᠳᠬᠡᠬᠦ ︵ᠬᠤᠷᠢᠶᠠᠯᠠᠯ ᠤᠨ ᠨᠠᠷᠢᠨ ᠵᠦᠢᠯᠡᠰ᠂ ᠲᠡᠭᠡᠭᠡᠪᠦᠷᠢ ᠶᠢᠨ ᠲᠡᠷᠭᠡ ᠬᠥᠰᠬᠡ᠂ ᠬᠠᠶᠠᠬᠤ ᠭᠠᠵᠠᠷ᠂ ᠰᠠᠷᠠᠪᠴᠢ ᠶᠢᠨ ᠲᠤᠭ᠎ᠠ ᠬᠡᠮᠵᠢᠶ᠎ᠡ︶ ᠶᠢ ᠭᠤᠷᠪᠠᠳᠠᠭᠢ ᠡᠲᠡᠭᠡᠳ ᠤᠨ ᠰᠢᠯᠭᠠᠨ ᠦᠨᠡᠯᠡᠬᠦ ᠥᠯᠢᠭᠡᠷ ᠠᠪᠬᠤ ᠦᠨᠳᠦᠰᠦᠯᠡᠯ ᠪᠣᠯᠭᠠᠵᠤ᠂ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠡᠮᠳᠡᠭ︾ ︵GB/T19095-2019︶ ᠲᠠᠢ ᠬᠠᠷᠢᠴᠠᠭᠤᠯᠤᠨ᠂ ᠲᠡᠮᠳᠡᠭ ᠢ ᠵᠢᠷᠤᠮᠵᠢᠭᠤᠯᠤᠨ ᠬᠡᠷᠡᠭᠯᠡᠵᠦ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠣᠯᠵᠤ ᠮᠡᠳᠡᠪᠡᠯ᠂ ᠨᠢᠭᠡ ᠶᠢ ᠵᠠᠯᠠᠷᠠᠭᠤᠯᠵᠤ᠂ ᠨᠢᠭᠡ ᠶᠢ ᠪᠠᠲᠤᠯᠠᠬᠤ ᠶᠢ ᠦᠨᠡᠨᠬᠦ ᠪᠠᠲᠤᠯᠠᠨ᠎ᠠ᠃ ᠠᠳᠠᠯ ᠠᠬᠤᠢ ᠶᠢᠨ ᠠᠵᠤ ᠠᠬᠤᠶᠢᠯᠠᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ ᠵᠢᠯᠤᠭᠤᠳᠴᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ ᠨᠢ ᠴᠡᠪᠡᠷ ᠲᠡᠭᠰᠢ ᠪᠥᠭᠡᠳ ᠰᠣᠨᠢᠨ ᠦᠨᠦᠷ ᠦᠭᠡᠢ᠂ ᠡᠪᠳᠡᠷᠡᠵᠦ ᠰᠦᠢᠳᠦᠭᠰᠡᠨ ᠦᠭᠡᠢ᠂ ᠲᠣᠭᠤᠭᠠᠨ ᠭᠡᠷ ᠤᠨ ᠬᠤᠭ ᠨᠣᠪᠰᠢ᠂ ᠪᠤᠰᠤᠳ ᠬᠤᠭ ᠨᠣᠪᠰᠢ ᠶᠢ ᠡᠳᠦᠷ ᠪᠦᠷᠢ ᠴᠡᠪᠡᠷᠯᠡᠵᠦ᠂ ᠠᠮᠢᠳᠤᠷᠠᠯ ᠤᠨ ᠬᠤᠭ ᠨᠣᠪᠰᠢ ᠶᠢ ︽ᠤᠷᠢᠳ ᠢᠶᠠᠷ ᠬᠤᠪᠢᠶᠠᠵᠤ ᠳᠠᠷᠠᠭ᠎ᠠ ᠨᠢ ᠬᠤᠯᠢᠯᠳᠤᠭᠤᠯᠵᠤ᠂ ᠬᠤᠯᠢᠯᠳᠤᠭᠤᠯᠤᠨ ᠲᠡᠭᠡᠭᠡᠪᠦᠷᠢᠯᠡᠬᠦ︾ ᠶᠢ ᠬᠤᠷᠢᠭᠯᠠᠨ᠎ᠠ︔ ② ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠪᠥᠬᠦ ᠰᠢᠶᠠᠨ ᠤ ᠪᠠᠶᠢᠭᠤᠯᠭ᠎ᠠ ᠶᠢᠨ ᠪᠦᠯᠬᠦᠮ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠶᠠᠨ ᠳᠤ ᠰᠠᠭᠤᠭ᠎ᠠ ᠡᠯ᠎ᠡ ᠱᠠᠲᠤᠨ ᠤ ᠨᠠᠮ ᠵᠠᠰᠠᠭ ᠴᠡᠷᠢᠭ ᠤᠨ ᠪᠠᠶᠢᠭᠤᠯᠭ᠎ᠠ ᠵᠢᠴᠢ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠲᠥᠷᠥᠯ ᠬᠤᠪᠢᠶᠠᠨ ᠬᠠᠶᠠᠬᠤ ᠴᠡᠭ ᠢ ᠵᠦᠢ ᠵᠣᠬᠢᠰᠲᠠᠢ ᠲᠣᠬᠢᠷᠠᠭᠤᠯᠤᠨ᠂ ᠲᠥᠷᠥᠯ ᠬᠤᠪᠢᠶᠠᠬᠤ ᠲᠡᠮᠳᠡᠭ ᠢ ᠵᠢᠷᠤᠮᠵᠢᠭᠤᠯᠤᠨ ᠬᠡᠷᠡᠭᠯᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠵᠢᠯᠲᠠᠨ ᠠᠵᠢᠯᠴᠢᠨ ᠤ ᠲᠥᠷᠥᠯ ᠬᠤᠪᠢᠶᠠᠬᠤ ᠤᠬᠠᠮᠰᠠᠷ ᠢ ᠳᠡᠭᠡᠭᠰᠢᠯᠡᠭᠦᠯᠦᠨ᠂ ᠲᠥᠷᠥᠯ ᠬᠤᠪᠢᠶᠠᠨ ᠬᠠᠶᠠᠬᠤ ᠣᠨᠣᠪᠴᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ③ ᠡᠵᠡᠩᠨᠡᠯᠲᠡ ᠶᠢᠨ ᠣᠷᠣᠨ ᠪᠦᠰᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠦᠲᠦᠮᠵᠢᠲᠡᠶ ᠪᠦᠷᠬᠦᠭᠦᠯᠬᠦ ᠶᠢ ᠪᠡᠶᠡᠯᠡᠭᠦᠯᠦᠨ᠎ᠡ᠃ ᠬᠠᠮᠢᠶᠠᠷᠤᠯᠲᠠ ᠶᠢᠨ ᠠᠵᠢᠯ ᠲᠥᠷᠥᠯ ᠤᠨ ᠬᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠠᠮᠢᠶᠠᠷᠬᠤ ᠵᠠᠷᠴᠢᠮ ᠶᠣᠰᠣᠭᠠᠷ᠂ ᠡᠯ᠎ᠡ ᠡᠵᠡᠩᠨᠡᠯᠲᠡ ᠶᠢᠨ ᠣᠷᠣᠨ ᠪᠦᠰᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠠᠵᠢᠯ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠵᠢᠯᠣᠭᠤᠳᠤᠮᠵᠢ ︵ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ᠂ ᠪᠠᠭᠤᠳᠠᠯ᠂ ᠵᠣᠴᠢᠳ ᠤᠨ ᠪᠠᠭᠤᠳᠠᠯ᠂ ᠺᠢᠨᠣ᠋ ᠶᠢᠨ ᠣᠷᠳᠣᠨ ᠵᠡᠷᠭᠡ ᠪᠠᠭᠲᠠᠨ᠎ᠠ︶ ᠶᠢ ᠲᠣᠰ ᠲᠣᠰ ᠲᠣᠭᠲᠠᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢ ᠬᠠᠮᠲᠤ ᠳᠤᠨᠢ ᠲᠣᠬᠢᠷᠠᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠣᠷᠣᠨ ᠪᠦᠰᠡ ᠶᠢᠨ ᠲᠥᠷᠥᠯ ᠬᠤᠪᠢᠶᠠᠬᠤ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ 80% ᠠᠴᠠ ᠳᠣᠣᠷ᠎ᠠ ᠦᠭᠡᠢ ᠪᠠᠶᠢᠯᠭᠠᠵᠤ᠂ ᠲᠥᠷᠥᠯ ᠬᠤᠪᠢᠶᠠᠬᠤ ᠲᠡᠮᠳᠡᠭ ᠤᠨ ᠬᠡᠷᠡᠭᠯᠡᠯᠲᠡ ᠶᠢ ᠵᠢᠷᠤᠮᠵᠢᠯ ᠲᠠᠢ᠂ ᠲᠣᠳᠣᠷᠬᠠᠢ ᠪᠣᠯᠭᠠᠵᠤ᠂ ︽ᠬᠤᠭ ᠨᠣᠪᠰᠢ ᠶᠢᠨ ᠰᠠᠪᠠ ᠶᠢ ᠬᠠᠰᠤᠵᠤ ᠴᠡᠭ ᠢ ᠨᠡᠶᠢᠯᠡᠭᠦᠯᠬᠦ︾ ︽ᠲᠣᠭᠲᠠᠭᠰᠠᠨ ᠴᠠᠭ ᠲᠣᠭᠲᠠᠭᠰᠠᠨ ᠴᠡᠭ︾ ᠵᠡᠷᠭᠡ ᠠᠷᠭ᠎ᠠ ᠮᠠᠶ᠋ᠢᠭ ᠢ ᠠᠪᠴᠤ᠂ ᠢᠳᠡᠭᠡᠨ ᠤᠮᠳᠠᠭᠠᠨ ᠤ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ᠂ ᠳᠡᠯᠭᠡᠭᠦᠷ ᠬᠤᠭᠤᠯᠠᠨ ᠭᠡᠷ ᠤᠨ ᠲᠣᠭᠤᠭᠠᠨ ᠭᠡᠷ ᠤᠨ ᠬᠤᠭ ᠨᠣᠪᠰᠢ ᠶᠢ ᠭᠥᠯᠢᠶᠡᠨ ᠠᠪᠴᠤ ᠲᠡᠭᠡᠭᠡᠪᠦᠷᠢᠯᠡᠬᠦ ᠶᠢ ᠵᠢᠷᠤᠮᠵᠢᠭᠤᠯᠤᠨ᠎ᠠ︔ ④ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠰ ᠠᠵᠢᠯ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠵᠢᠯᠣᠭᠤᠳᠤᠮᠵᠢ ︵ᠡᠮᠴᠢᠯᠡᠭᠡᠨ ᠤ ᠪᠠᠶᠢᠭᠤᠯᠤᠮᠵᠢ᠂ ᠮᠠᠰᠢᠨ ᠲᠡᠷᠭᠡᠨ ᠤ ᠥᠷᠲᠡᠭᠡ᠂ ᠴᠡᠴᠡᠷᠯᠢᠭ᠂ ᠦᠵᠡᠮᠵᠢ ᠶᠢᠨ ᠣᠷᠣᠨ᠂ ᠰᠣᠶᠣᠯ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠵᠡᠷᠭᠡ ᠪᠠᠭᠲᠠᠨ᠎ᠠ︶ ᠶᠢ ᠵᠡᠷᠭᠡ ᠳᠤᠨᠢ ᠲᠣᠭᠲᠠᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ᠂ ᠲᠥᠷᠥᠯ ᠬᠤᠪᠢᠶᠠᠨ ᠬᠠᠶᠠᠬᠤ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ 80% ᠠᠴᠠ ᠳᠣᠣᠷ᠎ᠠ ᠦᠭᠡᠢ ᠪᠠᠶᠢᠯᠭᠠᠵᠤ᠂ ᠲᠥᠷᠥᠯ ᠬᠤᠪᠢᠶᠠᠬᠤ ᠲᠡᠮᠳᠡᠭ ᠤᠨ ᠬᠡᠷᠡᠭᠯᠡᠯᠲᠡ ᠶᠢ ᠵᠢᠷᠤᠮᠵᠢᠯ ᠲᠠᠢ᠂ ᠲᠣᠳᠣᠷᠬᠠᠢ ᠪᠣᠯᠭᠠᠨ᠎ᠠ᠃    ᠳᠥᠷᠪᠡ ᠳᠤ᠂ ᠲᠥᠷᠥᠯ ᠬᠤᠪᠢᠶᠠᠨ ᠴᠤᠭᠯᠠᠭᠤᠯᠵᠤ ᠲᠥᠷᠥᠯ ᠬᠤᠪᠢᠶᠠᠨ ᠲᠡᠭᠡᠭᠡᠪᠦᠷᠢᠯᠡᠨ᠎ᠡ᠃ ① ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠯᠤᠭ᠎ᠠ ᠬᠠᠷᠢᠯᠴᠠᠨ ᠵᠣᠯᠭᠠᠭᠤᠯᠤᠭᠰᠠᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ᠵᠣᠬᠢᠬᠤ ᠬᠡᠮᠵᠢᠶ᠎ᠡ ᠪᠠᠷ ᠤᠷᠢᠳᠴᠢᠯᠠᠬᠤ ᠵᠠᠷᠴᠢᠮ ᠶᠣᠰᠣᠭᠠᠷ᠂ ᠲᠡᠭᠡᠭᠡᠪᠦᠷᠢ ᠶᠢᠨ ᠲᠡᠷᠭᠡ ᠬᠥᠰᠬᠡ ᠶᠢ ᠭᠦᠢᠴᠡᠳ ᠲᠣᠬᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠳᠥᠷᠪᠡᠨ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠡᠮᠳᠡᠭ ᠤᠨ ᠱᠠᠭᠠᠷᠳᠠᠯᠭ᠎ᠠ ᠶᠣᠰᠣᠭᠠᠷ ᠲᠡᠷᠭᠡᠨ ᠤ ᠴᠣᠭᠴᠠ ᠳᠤ ᠢᠵᠢᠯ ᠠᠯᠬᠤᠮ ᠢᠶᠠᠷ ᠨᠠᠭᠠᠵᠤ᠂ ᠲᠡᠮᠳᠡᠭ ᠢ ᠲᠣᠳᠣᠷᠬᠠᠢ ᠪᠥᠭᠡᠳ ᠵᠢᠷᠤᠮᠵᠢᠭᠤᠨ ᠪᠣᠯᠭᠠᠵᠤ᠂ ᠲᠡᠷᠭᠡ ᠬᠥᠰᠬᠡ ᠶᠢ ᠨᠢᠭᠲᠠ ᠪᠢᠲᠡᠭᠦᠮᠵᠢᠯᠡᠬᠦ᠂ ᠣᠷᠴᠢᠨ ᠠᠬᠤᠢ ᠶᠢ ᠬᠠᠮᠠᠭᠠᠯᠠᠬᠤ᠂ ᠥᠨᠳᠥᠷ ᠪᠦᠲᠦᠮᠵᠢᠲᠡᠶ᠂ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠦᠯᠦᠨ᠎ᠡ᠃    ᠲᠠᠪᠤ ᠳᠤ᠂ ᠵᠣᠬᠢᠶᠠᠨ ᠪᠠᠶᠢᠭᠤᠯᠤᠨ ᠳᠠᠶᠢᠴᠢᠯᠠᠵᠤ ᠤᠬᠠᠭᠤᠯᠤᠨ ᠬᠥᠮᠥᠵᠢᠭᠦᠯᠦᠨ᠎ᠡ᠃ ① ᠭᠤᠣᠯ ᠰᠡᠳᠦᠪᠲᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠨ᠎ᠠ᠃ ② ᠬᠤᠭ ᠨᠣᠪᠰᠢ ᠶᠢ ᠲᠥᠷᠥᠯ ᠬᠤᠪᠢᠶᠠᠬᠤ ᠶᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠤᠨ᠎ᠠ︾᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠡᠯ᠎ᠡ ᠰᠤᠷᠭᠠᠭᠤᠯᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠤᠰᠬᠠᠢ ᠲᠤᠰᠢᠶᠠᠯᠲᠤ ︵ᠪᠠᠭᠰᠢ︶ ᠤᠨ ᠠᠵᠢᠯᠲᠠᠨ ᠢ ᠨᠠᠶᠢᠳᠠᠪᠤᠷᠢᠵᠢᠭᠤᠯᠤᠨ᠎ᠠ︔ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠵᠤ᠂ ᠰᠤᠷᠭᠠᠭᠤᠯᠢ ᠠᠩᠭᠢ ᠪᠦᠷᠢ ᠰᠠᠷ᠎ᠠ ᠳᠤ 1 ᠤᠳᠠᠭ᠎ᠠ ᠠᠴᠠ ᠳᠡᠭᠡᠭᠰᠢ ᠬᠤᠯᠪᠣᠭᠳᠠᠯ ᠪᠦᠬᠦᠢ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠰᠤᠷᠭᠠᠭᠤᠯᠢ ᠠᠩᠭᠢ ᠨᠢᠭᠡᠪᠦᠷᠢ ᠳᠤ ᠨᠠᠭᠠᠲᠤ ᠵᠠᠬ᠎ᠠ ᠳᠤ ᠪᠠᠨ ᠨᠢᠭᠡ ᠳᠡᠪᠲᠡᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠤᠩᠰᠢᠬᠤ ᠪᠢᠴᠢᠭ ᠢ ᠲᠣᠬᠢᠷᠠᠭᠤᠯᠤᠨ ᠣᠯᠭᠤᠨ᠎ᠠ︔ ᠰᠤᠷᠭᠠᠭᠤᠯᠢ ᠨᠢᠭᠡᠪᠦᠷᠢ ᠳᠤ ᠨᠠᠭᠠᠲᠤ ᠵᠠᠬ᠎ᠠ ᠳᠤ ᠪᠠᠨ ᠨᠢᠭᠡ ᠰᠠᠯᠠᠭ᠎ᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠤᠷᠤᠭᠴᠢᠳ ᠤᠨ ᠰᠠᠶᠢᠨ ᠳᠤᠷ᠎ᠠ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ③ ᠰᠠᠭᠤᠭᠠᠯᠢ ᠠᠷᠠᠳ ᠤᠨ ᠲᠥᠷᠥᠯ ᠬᠤᠪᠢᠶᠠᠬᠤ ᠤᠬᠠᠮᠰᠠᠷ ᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠡᠷᠦᠬᠡ ᠳᠤ ᠣᠷᠣᠵᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠲᠥᠷᠥᠯ ᠬᠤᠪᠢᠶᠠᠨ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠡᠷᠦᠬᠡ ᠳᠤ ᠣᠷᠣᠵᠤ ᠤᠬᠠᠭᠤᠯᠬᠤ ᠠᠵᠢᠯ ᠢ ᠰᠠᠷ᠎ᠠ ᠪᠦᠷᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠶᠡᠷᠦᠩᠬᠡᠢ ᠡᠷᠦᠬᠡ ᠶᠢᠨ ᠲᠤᠭ᠎ᠠ ᠶᠢᠨ 10% ᠠᠴᠠ ᠳᠤᠲᠠᠭᠤ ᠪᠠᠶᠢᠯᠭᠠᠵᠤ ᠪᠣᠯᠬᠤ ᠦᠭᠡᠢ᠃    ᠵᠢᠷᠭᠤᠭ᠎ᠠ ᠳᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠰᠢᠶᠠᠨ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ᠭᠤᠷᠪᠠᠨ ᠱᠠᠲᠤᠨ ᠤ ᠪᠠᠶᠢᠩᠭᠤ ᠶᠢᠨ ᠠᠵᠢᠯ ᠤᠨ ᠬᠠᠮᠲᠤᠷᠠᠨ ᠬᠥᠳᠡᠯᠦᠯᠴᠡᠬᠦ ᠠᠵᠢᠯ ᠤᠨ ᠳᠦᠷᠢᠮ ᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠢᠭᠡᠳ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠴᠢᠬᠤᠯᠠ ᠠᠴᠢᠶᠠᠯᠠᠪᠤᠷᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠣᠷᠣᠭᠤᠯᠤᠨ᠎ᠠ᠃    ᠳᠣᠯᠤᠭ᠎ᠠ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃ ① ᠪᠡᠯᠡ ᠮᠥᠩᠭᠦ ᠣᠷᠣᠭᠤᠯᠬᠤ ᠶᠢ ᠲᠣᠭᠲᠠᠭᠤᠨ ᠪᠥᠭᠡᠳ ᠦᠷᠭᠦᠯᠵᠢᠯᠡᠨ ᠪᠠᠲᠤᠯᠠᠬᠤ ᠲᠣᠭᠲᠠᠴᠠ ᠶᠢ ᠪᠠᠶᠢᠭᠤᠯᠤᠨ᠎ᠠ︔ ② ᠡᠳᠦᠷ ᠲᠤᠲᠤᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠨ᠎ᠠ︔ ③ ᠬᠤᠭ ᠨᠣᠪᠰᠢ ᠶᠢ ᠲᠥᠷᠥᠯ ᠬᠤᠪᠢᠶᠠᠬᠤ ᠲᠠᠢ ᠬᠤᠯᠪᠣᠭᠳᠠᠭᠤᠯᠤᠭᠰᠠᠨ ᠰᠦᠢᠳᠬᠡᠯ ᠬᠤᠷᠢᠶᠠᠬᠤ ᠳᠦᠷᠢᠮ ᠢ ᠪᠠᠶᠢᠭᠤᠯᠬᠤ ᠶᠢᠨ ᠬᠠᠮᠲᠤ ᠪᠦᠲᠦᠮᠵᠢᠲᠡᠢ ᠬᠡᠷᠡᠭᠵᠢᠭᠦᠯᠦᠨ᠎ᠡ︔ ④ ᠮᠡᠷᠭᠡᠵᠢᠯ ᠤᠨ ᠪᠠᠶᠢᠩᠭᠤ ᠶᠢᠨ ᠪᠣᠯᠪᠠᠰᠤᠷᠠᠭᠤᠯᠤᠯ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠥᠷᠨᠢᠭᠦᠯᠦᠨ᠎ᠡ᠃    ᠨᠠᠢᠮᠠ ᠳᠤ᠂ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ᠃ ᠰᠢᠶᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ 1᠂ ᠵᠢᠱᠢᠶ᠎ᠡ ᠦᠵᠡᠭᠦᠯᠬᠦ ᠬᠤᠷᠢᠶᠠᠯᠠᠯ 3᠂ ᠵᠢᠱᠢᠶ᠎ᠡ ᠦᠵᠡᠭᠦᠯᠬᠦ ᠰᠤᠷᠭᠠᠭᠤᠯᠢ 1᠂ ᠵᠢᠱᠢᠶ᠎ᠡ ᠦᠵᠡᠭᠦᠯᠬᠦ ᠣᠯᠠᠨ ᠨᠡᠶᠢᠲᠡ ᠶᠢᠨ ᠪᠠᠶᠢᠭᠤᠯᠤᠮᠵᠢ 5᠂ ᠬᠥᠬᠡ ᠡᠷᠭᠢ ᠪᠠᠯᠭᠠᠰᠤᠨ ᠳᠤ ᠵᠢᠱᠢᠶ᠎ᠡ ᠦᠵᠡᠭᠦᠯᠬᠦ ᠵᠠᠰᠠᠭ ᠵᠠᠬᠢᠷᠭᠠᠨ ᠤ ᠲᠣᠰᠬᠤᠨ 2᠂ ᠪᠤᠰᠤᠳ ᠰᠢᠶᠠᠩ ᠪᠠᠯᠭᠠᠰᠤ ᠲᠣᠰ ᠪᠦᠷᠢ 1 ᠶᠢ ᠪᠠᠶᠢᠭᠤᠯᠵᠤ᠂ ᠤᠯᠠᠷᠢᠯ ᠢᠶᠠᠷ ᠨᠢᠭᠡᠴᠢ ᠪᠣᠯᠭᠠᠨ ᠠᠵᠢᠯ ᠤᠨ ᠠᠬᠢᠴᠠ ᠪᠠᠨ ᠰᠢᠶᠠᠨ ᠤ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠭᠡᠷ ᠲᠤ ᠮᠡᠳᠡᠭᠦᠯᠦᠨ᠎ᠡ᠃    ᠶᠢᠰᠦ ᠳᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ︽ᠨᠢᠭᠡ ᠪᠠᠯᠭᠠᠰᠤ ᠲᠤᠯᠤᠭᠠᠨ ᠲᠣᠰᠬᠤᠨ︾ ᠤ ᠬᠤᠭ ᠨᠣᠪᠰᠢ ᠶᠢ ᠲᠥᠷᠥᠯ ᠬᠤᠪᠢᠶᠠᠬᠤ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠢᠱᠢᠶ᠎ᠡ ᠦᠵᠡᠭᠦᠯᠬᠦ ᠴᠡᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠴᠢᠩᠭᠠᠳᠬᠠᠨ᠂ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃    ᠳᠥᠷᠪᠡᠳᠦᠭᠡᠷ ᠬᠡᠰᠡᠭ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号