ᠠᠮᠢ ᠠᠬᠤᠢ ᠣᠷᠴᠢᠨ ᠲᠣᠭᠤᠷᠢᠨ ᠤ ᠶᠠᠮᠤᠨ ᠤ ᠰᠠᠶᠢᠳ ᠬᠤᠸᠠᠩ ᠷᠦᠨ ᠴᠢᠦ 22 ᠤᠨ ᠡᠳᠦᠷ᠂ ᠮᠠᠨ ᠤ | ᠤᠯᠤᠰ ︽ᠳᠤᠮᠳᠠᠳᠤ ᠤᠯᠤᠰ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠠᠶᠢᠯᠳᠤᠬᠤ | ᠪᠣᠳᠣᠯᠭ᠎ᠠ ᠪᠠ ᠠᠵᠢᠯᠯᠠᠭᠠᠨ ᠤ ᠲᠥᠯᠥᠪᠯᠡᠭᠡ ︵2023-2030 ᠣᠨ︶︾ ᠶᠢ ᠰᠢᠨᠡᠳᠬᠡᠨ ᠨᠡᠶᠢᠲᠡᠯᠡᠵᠦ᠂ ︽ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ | ᠢ ᠨᠠᠶᠢᠷᠠᠭᠤᠯᠤᠨ ᠵᠣᠬᠢᠶᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠪᠠ ᠠᠵᠢᠯᠯᠠᠭᠠᠨ ᠤ ᠲᠥᠯᠥᠪᠯᠡᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠳᠡᠮᠵᠢᠵᠦ ᠪᠠᠶᠢᠨ᠎ᠠ ᠭᠡᠵᠦ ᠢᠯᠡᠳᠬᠡᠪᠡ᠃ | 5 ᠰᠠᠷ᠎ᠠ ᠶᠢᠨ 22 ᠤᠨ ᠡᠳᠦᠷ ᠪᠣᠯ ᠣᠯᠠᠨ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠤᠨ ᠡᠳᠦᠷ ᠪᠣᠯᠣᠨ᠎ᠠ᠂ ᠡᠨᠡ ᠵᠢᠯ ᠤᠨ ᠭᠤᠣᠯ ᠰᠡᠳᠦᠪ ᠨᠢ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ | ᠲᠠ ᠪᠢᠳᠡ ᠬᠠᠮᠲᠤ ᠪᠠᠷ ᠣᠷᠣᠯᠴᠠᠶ᠎ᠠ︾ ᠪᠣᠯᠣᠨ᠎ᠠ᠃ 2024 ᠣᠨ ᠤ ᠣᠯᠠᠨ ᠤᠯᠤᠰ ᠤᠨ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠲᠣᠰ ᠡᠳᠦᠷ ᠬᠠᠶᠢᠨᠠᠨ ᠮᠤᠵᠢ ᠶᠢᠨ ᠦ᠋ | ᡁᠢ ᠱᠠᠨ ᠬᠤᠲᠠ ᠳᠤ ᠶᠠᠪᠤᠭᠳᠠᠪᠠ᠃ | ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠲᠣᠮᠣ ᠤᠯᠤᠰ ᠪᠠ ᠬᠠᠮᠤᠭ ᠤᠨ ᠡᠷᠲᠡ ︿ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ﹀ ᠳᠤ ᠭᠠᠷ ᠤᠨ ᠥᠰᠥᠭ ᠵᠢᠷᠤᠭᠰᠠᠨ᠂ | ᠵᠥᠪᠰᠢᠶᠡᠷᠡᠭᠰᠡᠨ ᠭᠡᠷᠡᠲᠦ ᠲᠠᠯ᠎ᠠ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠤᠨ ᠬᠠᠮᠠᠭᠠᠯᠠᠯᠲᠠ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠶ︾ ᠭᠡᠵᠦ | ᠬᠤᠸᠠᠩ ᠷᠦᠨ ᠴᠢᠦ ᠠᠵᠢᠯᠯᠠᠭ᠎ᠠ ᠶᠢᠨ ᠳᠤᠮᠳᠠ ᠬᠡᠯᠡᠪᠡ᠃ | ᠲᠡᠷᠡ᠂ ᠮᠠᠨ ᠤ ᠤᠯᠤᠰ ᠬᠠᠤᠯᠢ ᠳᠦᠷᠢᠮ ᠤᠨ ᠰᠢᠰᠲ᠋ᠧᠮ ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠳᠠᠪᠤᠷᠢ ᠪᠣᠯᠣᠨ ᠲᠦᠪᠰᠢᠨ ᠢᠶᠠᠨ ᠶᠡᠭᠡ ᠪᠠᠷ | ᠳᠡᠭᠡᠭᠰᠢᠯᠡᠭᠦᠯᠵᠦ ᠪᠠᠶᠢᠨ᠎ᠠ᠃ ᠠᠮᠢ ᠠᠬᠤᠢ ᠣᠷᠴᠢᠨ ᠲᠣᠭᠤᠷᠢᠨ ᠤ ᠬᠠᠤᠯᠢ ᠶᠢᠨ ᠪᠢᠴᠢᠭ ᠢ ᠨᠠᠶᠢᠷᠠᠭᠤᠯᠤᠨ | ᠲᠤᠭᠤᠷᠪᠢᠬᠤ ᠠᠵᠢᠯ ᠢ ᠠᠬᠢᠭᠤᠯᠵᠤ᠂ ︽1 + 4 + N︾ ᠠᠮᠢ ᠠᠬᠤᠢ ᠣᠷᠴᠢᠨ ᠲᠣᠭᠤᠷᠢᠨ ᠤ ᠬᠠᠤᠯᠢ | ᠴᠠᠭᠠᠵᠠ ᠶᠢᠨ ᠳᠦᠷᠢᠮ ᠤᠨ ᠰᠢᠰᠲ᠋ᠧᠮ ᠢ ᠪᠤᠢ ᠪᠣᠯᠭᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠳᠦᠷᠢᠮ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ 30% ᠠᠴᠠ ᠳᠡᠭᠡᠭᠰᠢᠬᠢ ᠡᠬᠡ ᠬᠠᠭᠤᠷᠠᠢ ᠶᠢᠨ | ᠨᠤᠲᠤᠭ ᠳᠡᠪᠢᠰᠬᠡᠷ ᠤᠨ ᠲᠠᠯᠠᠪᠠᠢ ᠶᠢ ᠪᠦᠲᠦᠮᠵᠢᠲᠡᠢ ᠬᠠᠮᠠᠭᠠᠯᠠᠪᠠ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ | ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠪᠠᠶᠢᠭᠤᠯᠬᠤ ᠶᠢ ᠠᠬᠢᠭᠤᠯᠪᠠ᠃ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠴᠠᠭᠠᠯᠲᠠ᠂ ᠬᠢᠨᠠᠨ ᠰᠢᠨᠵᠢᠬᠦ ᠪᠠ ᠦᠨᠡᠯᠡᠨ ᠵᠢᠱᠢᠬᠦ ᠶᠢ ᠦᠷᠭᠦᠯᠵᠢᠯᠡᠨ | ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠡᠬᠢ ᠪᠠᠶᠠᠯᠢᠭ ᠤᠨ ᠪᠠᠶᠢᠴᠠᠭᠠᠯᠲᠠ᠂ ᠳᠦᠷᠰᠦ ᠶᠢᠨ ᠡᠬᠢ | ᠪᠠᠶᠠᠯᠢᠭ ᠤᠨ ᠪᠠᠶᠢᠴᠠᠭᠠᠯᠲᠠ ᠪᠠ ᠡᠯ᠎ᠡ ᠲᠥᠷᠥᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠡᠢ ᠭᠡᠵᠦ ᠲᠠᠨᠢᠯᠴᠠᠭᠤᠯᠪᠠ᠃ | ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠯᠤᠰ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ | ᠦᠷᠭᠦᠯᠵᠢᠯᠡᠨ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ 52 ᠢᠨᠵᠧᠨᠧᠷᠢᠩ ᠢ | ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠬᠥᠬᠡᠮᠥ᠋ᠷᠡᠨ ᠳᠤ ᠵᠢᠭᠠᠰᠤ ᠠᠩᠨᠠᠬᠤ ᠶᠢ 10 ᠵᠢᠯ ᠴᠠᠭᠠᠵᠠᠯᠠᠬᠤ ᠶᠢ ᠠᠬᠢᠭᠤᠯᠵᠤ᠂ ᠲᠡᠯᠡᠶ ᠲᠠᠩᠭᠢᠰ ᠤᠨ | ᠨᠡᠶᠢᠲᠡᠯᠢᠭ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠠᠬᠢᠭᠤᠯᠪᠠ᠃ ᠲᠤᠭ᠎ᠠ ᠪᠠᠷᠢᠮᠲᠠ ᠳᠤ | ᠬᠠᠷᠠᠭᠤᠯᠤᠭᠰᠠᠨ ᠢᠶᠠᠷ᠂ ᠮᠠᠨ ᠤ ᠤᠯᠤᠰ ᠤᠨ 90% ᠶᠢᠨ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠤᠨ | ᠲᠥᠷᠥᠯ ᠭᠡᠯᠪᠡᠷᠢ ᠪᠠ 74% ᠶᠢᠨ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ | ᠤᠷᠭᠤᠮᠠᠯ ᠤᠨ ᠳᠦᠷᠰᠦ ᠶᠢᠨ ᠰᠦᠷᠦᠭ ᠪᠦᠲᠦᠮᠵᠢᠲᠡᠶ ᠬᠠᠮᠠᠭᠠᠯᠠᠭᠳᠠᠪᠠ᠃ | ᠡᠭᠦᠨ ᠠᠴᠠ ᠭᠠᠳᠠᠨ᠎ᠠ᠂ ᠮᠠᠨ ᠤ ᠤᠯᠤᠰ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ | ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠠᠰᠠᠯᠲᠠ ᠳᠤ | ᠳᠤᠮᠳᠠᠳᠤ ᠤᠯᠤᠰ ᠤᠨ ᠬᠦᠴᠦᠨ ᠴᠢᠳᠠᠯ ᠢᠶᠠᠨ ᠡᠷᠭᠦᠪᠡ᠃ ᠮᠠᠨ ᠤ ᠤᠯᠤᠰ ︽ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ | ︵COP15︶ ᠤᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠲᠡᠦᠬᠡᠲᠦ ᠴᠢᠨᠠᠷᠲᠠᠢ ︽ᠺᠦᠨᠮᠢᠩ - | ᠮᠣᠨᠲᠷᠧᠶᠠᠯ ᠤᠨ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠣᠷᠣ ᠲᠥᠯᠥᠪ︾ ᠢ | ᠲᠣᠬᠢᠷᠠᠯᠴᠠᠬᠤ ᠶᠢ ᠳᠠᠭᠠᠭᠤᠯᠤᠭᠰᠠᠨ ᠪᠥᠭᠡᠳ ᠣᠯᠠᠨ ᠭᠡᠷᠡᠲᠦ ᠲᠠᠯ᠎ᠠ ᠵᠢᠴᠢ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠲᠠᠢ ᠬᠠᠮᠲᠤᠷᠠᠨ ︽ᠺᠦᠨᠮᠢᠩ - ᠮᠣᠨᠲᠷᠧᠶᠠᠯ ᠤᠨ ᠪᠣᠷᠣ ᠲᠥᠯᠥᠪ︾ ᠢ ᠬᠡᠷᠡᠭᠵᠢᠭᠦᠯᠬᠦ ᠪᠠᠷ | ᠰᠠᠨᠠᠭᠠᠴᠢᠯᠠᠪᠠ᠃ | ᠬᠤᠸᠠᠩ ᠷᠦᠨ ᠴᠢᠦ᠂ COP15 ᠶᠢᠨ ᠲᠡᠷᠢᠭᠦᠯᠡᠭᠴᠢ ᠪᠣᠯᠤᠭᠰᠠᠨ ᠤ ᠬᠤᠪᠢ ᠳᠤ ᠡᠯ᠎ᠡ ᠭᠡᠷᠡᠲᠦ | ᠲᠠᠯ᠎ᠠ ᠶᠢᠨ ᠬᠢᠨ ︽ᠺᠦᠨᠮᠢᠩ -ᠮᠣᠨᠲᠷᠧᠶᠠᠯ ᠤᠨ ᠪᠣᠷᠣ ᠲᠥᠯᠥᠪ︾ ᠢᠶᠠᠷ ᠪᠠᠷᠢᠮᠵᠢᠶᠠᠯᠠᠵᠤ᠂ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠤᠨ ᠭᠤᠣᠯ ᠤᠷᠤᠰᠬᠠᠯᠵᠢᠬᠤ ᠠᠬᠢᠴᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠪᠠᠶᠢᠯᠳᠤᠬᠤ ᠪᠣᠳᠣᠯᠭ᠎ᠠ ᠪᠣᠯᠣᠨ ᠠᠵᠢᠯᠯᠠᠭᠠᠨ ᠤ ᠲᠥᠯᠥᠪᠯᠡᠭᠡ ᠪᠠᠨ | ᠰᠢᠨᠡᠳᠬᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ | ᠬᠠᠮᠠᠭᠠᠯᠠᠯᠲᠠ ᠶᠢ ᠴᠢᠩᠭᠠᠳᠬᠠᠬᠤ ᠶᠢ ᠢᠳᠡᠪᠬᠢᠲᠡᠢ ᠳᠠᠶᠢᠴᠢᠯᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠠᠮᠠᠯᠠᠯᠲᠠ ᠪᠠᠨ | ᠨᠠᠶᠢᠳᠠᠪᠤᠷᠢᠵᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠪᠡᠯᠡ ᠮᠥᠩᠭᠦ᠂ ᠮᠡᠷᠭᠡᠵᠢᠯ ᠪᠣᠯᠣᠨ ᠴᠢᠳᠠᠪᠤᠷᠢ ᠶᠢᠨ | ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠶᠡᠭᠡ ᠪᠠᠷ ᠳᠡᠭᠡᠭᠰᠢᠯᠡᠭᠦᠯᠵᠦ᠂ ︽ᠺᠦᠨᠮᠢᠩ -ᠮᠣᠨᠲᠷᠧᠶᠠᠯ ᠤᠨ ᠪᠣᠷᠣ | ᠲᠥᠯᠥᠪ︾ ᠢ ᠪᠦᠭᠦ ᠲᠠᠯ᠎ᠠ ᠪᠠᠷ ᠲᠡᠩᠴᠡᠭᠦᠷᠢᠲᠡᠢ ᠪᠦᠲᠦᠮᠵᠢᠲᠡᠢ ᠬᠡᠷᠡᠭᠵᠢᠭᠦᠯᠲᠦᠭᠡᠢ ᠭᠡᠵᠦ ᠤᠷᠢᠶᠠᠯᠠᠪᠠ᠃ | | | |