ᠳᠥᠷᠪᠡᠨ ᠰᠠᠯᠠᠭ᠎ᠠ ᠮᠥᠴᠢᠷ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠲᠣᠭᠲᠠᠭᠠᠪᠠ
ᠨᠡᠶᠢᠲᠡᠯᠡᠭᠰᠡᠨ ᠴᠠᠭ᠄
2024/5/24
     ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ᠂ ᠲᠥᠪ ᠤᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠭᠰᠠᠨ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ᠲᠣᠭᠲᠠᠭᠠᠯ ᠳᠤ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠢ ᠪᠠᠶᠢᠭᠤᠯᠬᠤ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠤᠯᠤᠰ ᠤᠨ ᠪᠠᠷᠢᠮᠵᠢᠶ᠎ᠠ ᠶᠢᠨ ᠠᠯᠪᠠᠳᠠᠯᠭ᠎ᠠ ᠶᠢᠨ ᠴᠢᠨᠠᠷᠲᠠᠢ ᠱᠠᠭᠠᠷᠳᠠᠯᠭ᠎ᠠ ᠶᠣᠰᠣᠭᠠᠷ᠂ ᠮᠡᠷᠭᠡᠵᠢᠯ ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠭᠤᠯᠭ᠎ᠠ ᠶᠢ ᠬᠤᠪᠢᠷᠠᠭᠤᠯᠬᠤ᠂ ᠳᠠᠭᠠᠷᠢᠬᠳᠠᠨ ᠲᠠᠮᠪᠠᠷᠠᠬᠤ᠂ ᠳ᠋ᠠᠶᠢᠲ᠋ᠠ ᠬᠤᠯᠠᠭᠠᠶᠢᠯᠠᠭᠳᠠᠬᠤ ᠵᠡᠷᠭᠡ ᠠᠶᠤᠯ ᠲᠦᠭᠰᠢᠭᠦᠷᠢ ᠶᠢ ᠰᠡᠷᠭᠡᠶᠢᠯᠡᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠠᠮᠤᠷ ᠲᠦᠪᠰᠢᠨ ᠲᠣᠭᠲᠠᠭᠤᠨ ᠠᠵᠢᠯᠯᠠᠭᠠᠨ ᠪᠠ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃      ᠲᠤᠰ ᠲᠣᠭᠲᠠᠭᠠᠯ ᠨᠢ ᠶᠡᠷᠦᠩᠬᠡᠢ ᠳᠦᠷᠢᠮ᠂ ᠨᠡᠭᠡᠭᠡᠨ ᠡᠷᠭᠢᠯᠡᠭᠦ ᠪᠠ ᠪᠦᠲᠦᠭᠡᠨ ᠪᠠᠶᠢᠭᠤᠯᠬᠤ᠂ ᠮᠡᠳᠡᠭᠡ ᠵᠠᠩᠭᠢ ᠶᠢᠨ ᠠᠮᠤᠷ ᠲᠦᠪᠰᠢᠨ᠂ ᠰᠦᠯᠵᠢᠶ᠎ᠡ ᠪᠠ ᠳ᠋ᠠᠶᠢᠲ᠋ᠠ ᠶᠢᠨ ᠠᠮᠤᠷ ᠲᠦᠪᠰᠢᠨ᠂ ᠢᠮᠧᠯ ᠤᠨ ᠠᠮᠤᠷ ᠲᠦᠪᠰᠢᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠬᠢᠨᠠᠯᠲᠠ ᠬᠠᠮᠢᠶᠠᠷᠤᠯᠲᠠ ᠵᠢᠴᠢ ᠳᠠᠭᠠᠯᠳᠤᠭᠤᠯᠤᠯ ᠳᠦᠷᠢᠮ ᠵᠡᠷᠭᠡ 8 ᠪᠦᠯᠦᠭ ᠲᠠᠢ᠃      ᠲᠣᠭᠲᠠᠭᠠᠯ ᠳᠤ᠂ ᠨᠢᠭᠡ ᠨᠠᠮ ᠵᠠᠰᠠᠭ ᠤᠨ ᠪᠠᠶᠢᠭᠤᠯᠭ᠎ᠠ ᠨᠢ ᠬᠠᠮᠤᠭ ᠣᠯᠠᠨ ᠳᠠᠭᠠᠨ ᠨᠢᠭᠡ ᠫᠤᠷᠲ᠋ᠧᠯ ᠰᠠᠶᠢᠲ ᠭᠠᠷᠭᠠᠬᠤ ᠬᠡᠷᠡᠭᠲᠡᠢ᠃ ᠢᠨᠲ᠋ᠧᠷ ᠰᠦᠯᠵᠢᠶ᠎ᠡ ᠶᠢᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠨᠡᠷᠡᠶᠢᠳᠦᠯ ᠳᠤ ᠤᠷᠢᠳ  ᠢᠶᠠᠷ ᠪᠣᠳᠠᠲᠤ ᠴᠣᠭᠴᠠ ᠶᠢᠨ ᠪᠠᠶᠢᠭᠤᠯᠤᠮᠵᠢ ᠶᠢᠨ ᠨᠡᠷᠡᠶᠢᠳᠦᠯ᠂ ᠵᠢᠷᠤᠮᠵᠢᠬᠰᠠᠨ ᠳᠦᠭᠦᠮ ᠨᠡᠷᠡᠶᠢᠳᠦᠯ ᠢ ᠬᠡᠷᠡᠭᠯᠡᠵᠦ᠂ ᠪᠤᠰᠤᠳ ᠨᠡᠷᠡᠶᠢᠳᠦᠯ ᠢ ᠬᠡᠷᠡᠭᠯᠡᠪᠡᠯ ᠵᠠᠷᠴᠢᠮ ᠳᠡᠭᠡᠷ᠎ᠡ ᠪᠠᠨ ᠣᠷᠣᠨ ᠪᠦᠰᠡ ᠶᠢᠨ ᠨᠡᠷᠡᠶᠢᠳᠦᠯ ᠪᠣᠯᠣᠨ ᠡᠭᠦᠷᠭᠡ ᠬᠠᠷᠢᠭᠤᠴᠠᠯᠭ᠎ᠠ ᠶᠢᠨ ᠨᠡᠷᠡᠶᠢᠳᠦᠯ ᠢ ᠨᠡᠶᠢᠯᠡᠭᠦᠯᠦᠨ ᠬᠡᠷᠡᠭᠯᠡᠬᠦ ᠶᠢᠨ ᠬᠠᠮᠲᠤ ᠢᠯᠡ ᠲᠣᠳᠣ ᠪᠠᠶᠢᠷᠢᠨ ᠳᠤ ᠪᠣᠳᠠᠲᠤ ᠴᠣᠭᠴᠠ ᠶᠢᠨ ᠪᠠᠶᠢᠭᠤᠯᠤᠮᠵᠢ ᠶᠢᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠪᠠ᠃      ᠲᠣᠭᠲᠠᠭᠠᠯ ᠳᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠬᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠤᠯᠤᠰ ᠤᠨ ᠨᠢᠭᠤᠴᠠ᠂ ᠠᠵᠢᠯ ᠤᠨ ᠨᠢᠭᠤᠴᠠ ᠶᠢ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠪᠣᠯᠤᠭᠰᠠᠨ ᠨᠢᠭᠤᠴᠠ ᠵᠠᠳᠠᠷᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠬᠠᠳᠠᠭᠠᠯᠠᠬᠤ᠂ ᠰᠢᠢᠳᠪᠦᠷᠢᠯᠡᠬᠦ᠂ ᠳᠠᠮᠵᠢᠭᠤᠯᠬᠤ ᠠᠵᠢᠯ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠲᠣᠭᠲᠠᠭᠠᠯ ᠢ ᠦᠨᠳᠦᠰᠦᠯᠡᠪᠡᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠬᠢᠨ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠠᠮᠤᠷ ᠲᠦᠪᠰᠢᠨ ᠢ ᠬᠢᠨᠠᠨ ᠬᠡᠮᠵᠢᠬᠦ ᠴᠢᠳᠠᠪᠤᠷᠢ ᠶᠢ ᠪᠠᠶᠢᠭᠤᠯᠤᠨ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠠᠵᠢᠯᠯᠠᠭᠠᠨ ᠤ ᠪᠠᠶᠢᠳᠠᠯ ᠪᠠ ᠰᠦᠯᠵᠢᠶᠡᠨ ᠤ ᠠᠮᠤᠷ ᠲᠦᠪᠰᠢᠨ ᠤ ᠬᠡᠷᠡᠭ ᠡᠭᠦᠰᠬᠦ ᠶᠢ ᠴᠠᠭ ᠲᠤᠬᠠᠢ ᠳᠤᠨᠢ ᠬᠢᠨᠠᠨ ᠬᠡᠮᠵᠢᠬᠦ ᠬᠡᠷᠡᠭᠲᠡᠢ᠃      ᠲᠣᠭᠲᠠᠭᠠᠯ ᠢ 2024 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号