ᠬᠠᠳᠠ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠪᠦᠯᠬᠦᠮ ᠳᠠᠭᠠᠭᠤᠯᠤᠨ ᠤᠷᠢᠳ ᠬᠤᠵᠢᠳ ᠦᠴᠦᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ᠂ ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ᠂ ᠬᠤᠸᠠ ᠹᠧᠩ ᠬᠡᠦᠬᠡᠳ ᠤᠨ ᠴᠡᠴᠡᠷᠯᠢᠭ ᠪᠣᠯᠣᠨ ᠦᠴᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠵᠢᠯᠣᠭᠤᠳᠪᠠ᠃      ᠡᠯ᠎ᠡ ᠰᠤᠷᠭᠠᠭᠤᠯᠢ ᠶᠢᠨ ᠬᠦᠷᠢᠶ᠎ᠡ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠪᠣᠯᠣᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ ᠬᠠᠳᠠ ᠰᠤᠷᠭᠠᠭᠤᠯᠢ ᠶᠢᠨ ᠬᠦᠷᠢᠶᠡᠨ ᠤ ᠶᠠᠭ ᠶᠠᠪᠤᠭᠳᠠᠵᠤ ᠪᠠᠶᠢᠭ᠎ᠠ ᠭᠠᠯ ᠰᠡᠷᠭᠡᠶᠢᠯᠡᠨ ᠤᠨᠲᠠᠷᠠᠭᠠᠬᠤ ᠴᠡᠭᠴᠡᠯᠡᠨ ᠰᠠᠶᠢᠵᠢᠷᠠᠭᠤᠯᠬᠤ ᠪᠠᠷᠢᠯᠭ᠎ᠠ ᠶᠢᠨ ᠪᠠᠶᠢᠳᠠᠯ ᠢ ᠪᠠᠶᠢᠴᠠᠭᠠᠭᠰᠠᠨ ᠪᠥᠭᠡᠳ ᠪᠠᠷᠢᠯᠭ᠎ᠠ ᠶᠢᠨ ᠠᠵᠢᠯ ᠳᠤ ᠣᠷᠣᠯᠴᠠᠭᠰᠠᠨ ᠡᠯ᠎ᠡ ᠲᠠᠯ᠎ᠠ ᠶᠢᠨ ᠣᠳᠣᠬᠠᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠶᠠᠰᠤ ᠴᠢᠨᠠᠷ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠᠴᠢᠯᠠᠭᠰᠠᠨ ᠨᠢ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠪᠣᠯ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠪᠣᠯᠣᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠳᠤ ᠬᠤᠯᠪᠣᠭᠳᠠᠬᠤ ᠴᠢᠬᠤᠯᠠ ᠰᠠᠭᠤᠷᠢ ᠮᠥᠨ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠢ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠣᠯᠣᠨ ᠭᠠᠯ ᠰᠡᠷᠭᠡᠶᠢᠯᠡᠨ ᠤᠨᠲᠠᠷᠠᠭᠠᠬᠤ ᠬᠡᠷᠡᠭᠴᠡᠭᠡ ᠶᠢ ᠴᠢᠩᠭ᠎ᠠ ᠵᠢᠷᠤᠮᠯᠠᠨ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠬᠦ ᠬᠡᠷᠡᠭᠲᠡᠢ᠃ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠶᠢᠨ ᠬᠠᠮᠲᠤ ᠨᠥᠯᠥᠭᠡ ᠶᠢ ᠬᠠᠮᠤᠭ ᠤᠨ ᠪᠠᠭ᠎ᠠ ᠪᠣᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠡᠳᠦᠷ ᠲᠤᠲᠤᠮ ᠤᠨ ᠰᠤᠷᠤᠯᠴᠠᠯᠭ᠎ᠠ᠂ ᠠᠮᠢᠳᠤᠷᠠᠯ᠂ ᠠᠵᠢᠯ ᠪᠣᠯᠣᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢᠨ ᠤᠷᠤᠭᠰᠢᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠠᠢ᠃      ᠪᠠᠶᠢᠴᠠᠭᠠᠨ ᠰᠤᠳᠤᠯᠤᠯᠲᠠ ᠶᠢᠨ ᠵᠠᠮ ᠳᠠᠭᠠᠨ ᠡᠯ᠎ᠡ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠴᠢᠭᠯᠡᠭᠦᠯᠦᠨ᠂ ᠬᠠᠳᠠ ᠱᠠᠭᠠᠷᠳᠠᠭᠰᠠᠨ  ᠨᠢ᠂ ᠡᠯ᠎ᠡ ᠰᠤᠷᠭᠠᠭᠤᠯᠢ ᠶᠢᠨ ᠲᠣᠭᠤᠷᠢᠭ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠨᠣᠭᠤᠭᠠᠷᠠᠭᠤᠯᠬᠤ᠂ ᠭᠤᠶᠣᠯᠠᠬᠤ ᠵᠡᠷᠭᠡ ᠠᠵᠢᠯ ᠢ ᠦᠨᠡᠨᠬᠦ ᠰᠠᠶᠢᠲᠤᠷ ᠠᠳᠬᠤᠵᠤ᠂ ᠪᠣᠯᠪᠠᠰᠤᠨ᠂ ᠴᠡᠪᠡᠷ ᠴᠡᠮᠴᠡᠭᠡᠷ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠵᠤ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠠᠢ᠃      ᠰᠢᠶᠠᠨ ᠤ ᠤᠳᠤᠷᠢᠳᠤᠯᠭ᠎ᠠ ᠶᠦᠨ ᠰᠢᠶᠣᠣ ᠮᠢᠨ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠭᠠᠯ ᠤᠨᠲᠠᠷᠠᠭᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号