ᠬᠠᠳᠠ ᠮᠠᠨ ᠤ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠳᠤᠭᠤᠶᠢᠯᠠᠩ ᠳᠠᠭᠠᠭᠤᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠵᠤ᠂ ᠶᠡᠬᠡᠪᠡᠷ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠠᠳᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠣᠯᠣᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠨᠠᠮ ᠪᠣᠯᠣᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠡᠭᠡ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠬᠡ ᠣᠭᠲᠠᠷᠭᠤᠢ ᠬᠥᠬᠡᠮᠳᠦᠭ ᠤᠰᠤ ᠠᠷᠢᠭᠤᠨ ᠬᠥᠷᠥᠰᠥ ᠶᠢ ᠬᠠᠮᠲᠤᠪᠠᠷ ᠰᠠᠬᠢᠨ ᠬᠠᠮᠠᠭᠠᠯᠠᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠠᠢ᠃     ᠠᠮᠢᠳᠤᠷᠠᠯ ᠤᠨ ᠬᠤᠭ ᠨᠣᠪᠰᠢ ᠶᠢ ᠠᠷᠢᠯᠭᠠᠬᠤ ᠲᠠᠯᠠᠪᠠᠢ ᠳᠤ᠂ ᠬᠠᠳᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠪᠠ ᠲᠤᠬᠠᠢ ᠶᠢᠨ ᠲᠠᠯᠠᠪᠠᠢ ᠳᠤ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠪᠦᠬᠦ ᠰᠢᠶᠠᠨ ᠤ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠴᠤᠭᠯᠠᠭᠤᠯᠬᠤ᠂ ᠰᠢᠯᠵᠢᠭᠦᠯᠦᠨ ᠵᠥᠭᠡᠭᠡᠪᠦᠷᠢᠯᠡᠬᠦ ᠪᠠ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠨ ᠵᠠᠰᠠᠬᠤ ᠠᠵᠢᠯ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃      ᠬᠠᠳᠠ ᠱᠠᠭᠠᠷᠳᠠᠭᠰᠠᠨ ᠨᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠵᠦᠢ ᠵᠣᠬᠢᠰᠲᠠᠢ ᠲᠥᠯᠥᠪᠵᠢᠭᠦᠯᠦᠨ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠴᠡᠭᠴᠡᠯᠡᠨ ᠵᠠᠰᠠᠬᠤ ᠪᠦᠬᠦ ᠶᠠᠪᠤᠴᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠤᠷᠢ ᠪᠠ ᠡᠷᠬᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠢᠷᠢ ᠲᠦᠪᠰᠢᠨ ᠤ ᠰᠢᠨ᠎ᠡ ᠳᠡᠭᠡᠭᠰᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠠᠢ᠃      ᠰᠢᠶᠠᠨ ᠤ ᠤᠳᠤᠷᠢᠳᠤᠯᠭ᠎ᠠ ᠪᠠᠢ ᠢᠦᠢ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠪᠣᠯᠣᠨ ᠬᠥᠬᠡ ᠡᠷᠭᠢ ᠪᠠᠯᠭᠠᠰᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号