ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠪᠠᠭᠠᠴᠤᠳ ᠬᠡᠦᠬᠡᠳ ᠨᠠᠮ ᠢᠶᠠᠨ ᠳᠠᠭᠠᠵᠤ ᠡᠬᠡ ᠤᠯᠤᠰ ᠲᠠᠢ ᠪᠠᠨ ᠬᠠᠮᠲᠤ ᠪᠠᠷ ᠦᠰᠦᠨ ᠪᠣᠶᠢᠵᠢᠬᠤ︾ ︽6.1︾ ᠢ ᠪᠡᠯᠭᠡᠯᠡᠬᠦ ᠭᠡᠷ ᠪᠦᠯᠢ ᠶᠢᠨ ᠤᠷᠭᠤᠮᠠᠯ ᠬᠡᠪᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
     ︽6 · 1︾ ᠤ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠦᠴᠦᠸᠠᠨ ᠰᠢᠶᠠᠨ ᠤ ᠡᠮᠡᠭᠲᠡᠶᠢᠴᠦᠳ  ᠤᠨ ᠬᠤᠯᠪᠣᠭ᠎ᠠ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠠ ᠡᠮᠡᠭᠲᠡᠶᠢᠴᠦᠳ ᠤᠨ ᠬᠤᠯᠪᠣᠭᠠᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠱᠤᠭᠤᠮ ᠪᠣᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ︽ᠪᠠᠭᠠᠴᠤᠳ ᠬᠡᠦᠬᠡᠳ ᠨᠠᠮ ᠢᠶᠠᠨ ᠳᠠᠭᠠᠵᠤ ᠡᠬᠡ ᠤᠯᠤᠰ ᠲᠠᠢ ᠪᠠᠨ ᠬᠠᠮᠲᠤ ᠪᠠᠷ ᠦᠰᠦᠨ ᠪᠣᠶᠢᠵᠢᠬᠤ︾ ᠭᠤᠣᠯ ᠰᠡᠳᠦᠪ ᠤᠨ ᠲᠣᠭᠤᠷᠢᠨ ᠳᠤ᠂ ᠭᠡᠷ ᠪᠦᠯᠢ ᠶᠢᠨ ᠤᠷᠭᠤᠮᠠᠯ ᠬᠡᠪᠯᠡᠬᠦ ᠠᠵᠢᠯᠯᠠᠭ᠎ᠠ ᠥᠷᠨᠢᠭᠦᠯᠵᠦ᠂ ᠬᠡᠦᠬᠡᠳ ᠢ ᠭᠡᠷ ᠤᠨ ᠠᠬᠠᠮᠠᠳ ᠤᠨ ᠬᠠᠨᠢ ᠳᠣᠣᠷ᠎ᠠ ᠪᠠᠶᠢᠭᠠᠯᠢ ᠶᠢᠨ ᠥᠩᠭᠡ ᠪᠣᠳᠤᠭ ᠢ ᠬᠠᠶᠢᠵᠤ᠂ ᠤᠷᠭᠤᠮᠠᠯ ᠤᠨ ᠬᠡᠪᠯᠡᠯ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠵᠤ᠂ ᠡᠷᠡᠭᠦᠯ ᠴᠢᠭᠢᠷᠠᠭ᠂ ᠪᠠᠶᠠᠷ ᠵᠢᠷᠭᠠᠯ ᠲᠠᠢ᠂ ᠤᠳᠭ᠎ᠠ ᠠᠭᠤᠯᠭ᠎ᠠ ᠲᠠᠢ ᠪᠠᠶᠠᠷ ᠤᠨ ᠡᠳᠦᠷ ᠢ ᠬᠠᠮᠲᠤᠪᠠᠷ ᠥᠩᠭᠡᠷᠡᠭᠦᠯᠪᠡ᠃
     ᠠᠵᠢᠯᠯᠠᠭ᠎ᠠ ᠶᠢᠨ ᠡᠬᠢᠨ ᠳᠤ᠂ ᠰᠢᠶᠠᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠪᠦᠷᠢᠯᠳᠦᠭᠦᠨ ᠸᠧᠢ ᠴᠢᠶᠠᠨ ᠸᠧᠨ ᠪᠠᠭᠰᠢ ᠤᠷᠭᠤᠮᠠᠯ ᠤᠨ ᠪᠦᠲᠦᠴᠡ᠂ ᠬᠤᠪᠢᠷᠠᠯᠲᠠ ᠶᠢᠨ ᠶᠠᠪᠤᠴᠠ ᠵᠢᠴᠢ ᠬᠡᠪᠯᠡᠯ ᠤᠨ ᠲᠡᠦᠬᠡ ᠪᠠ ᠰᠣᠶᠣᠯ ᠤᠨ ᠠᠬᠤᠢ ᠪᠠᠶᠢᠳᠠᠯ ᠢ ᠲᠠᠨᠢᠯᠴᠠᠭᠤᠯᠪᠠ᠃ ᠳᠠᠷᠠᠭ᠎ᠠ ᠨᠢ᠂ ᠸᠧᠢ ᠪᠠᠭᠰᠢ ᠤᠷᠭᠤᠮᠠᠯ ᠤᠨ ᠬᠡᠪᠯᠡᠯ ᠤᠨ ᠠᠯᠬᠤᠮ ᠳᠠᠷᠠᠭ᠎ᠠ ᠪᠠ ᠤᠷ᠎ᠠ ᠮᠡᠷᠭᠡᠵᠢᠯ ᠢ ᠨᠢᠭᠡ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠨᠥᠭᠦᠭᠡ ᠲᠠᠯ᠎ᠠ ᠪᠠᠷ ᠭᠠᠷ ᠬᠥᠳᠡᠯᠦᠨ ᠵᠢᠱᠢᠶ᠎ᠡ ᠦᠵᠡᠭᠦᠯᠪᠡ᠃ ᠪᠠᠭᠰᠢ ᠶᠢᠨ ᠵᠢᠯᠣᠭᠤᠳᠤᠯᠭ᠎ᠠ ᠳᠣᠣᠷ᠎ᠠ᠂ ᠬᠡᠦᠬᠡᠳ ᠪᠣᠯᠣᠨ ᠭᠡᠷ ᠤᠨ ᠠᠬᠠᠮᠠᠳ ᠤᠷᠭᠤᠮᠠᠯ ᠤᠨ ᠨᠠᠪᠴᠢ ᠶᠢ ᠰᠣᠩᠭᠤᠵᠤ᠂ ᠬᠥᠩᠭᠡᠬᠡᠨ ᠴᠣᠬᠢᠵᠤ᠂ ᠤᠷᠭᠤᠮᠠᠯ ᠤᠨ ᠰᠢᠭᠦᠰᠦ ᠪᠠᠷ ᠴᠠᠭᠠᠨ ᠪᠥᠰ ᠳᠡᠭᠡᠷ᠎ᠡ ᠴᠡᠴᠡᠭ ᠡᠪᠡᠰᠦᠨ ᠤ ᠥᠪᠡᠷᠮᠢᠴᠡ ᠰᠤᠳᠠᠰᠤ ᠵᠢᠷᠤᠭ ᠪᠣᠯᠣᠨ ᠥᠩᠭᠡ ᠶᠢ ᠢᠯᠡᠷᠡᠭᠦᠯᠪᠡ᠃
     ᠬᠥᠳᠡᠯᠭᠡᠭᠡᠨ ᠤ ᠬᠤᠭᠤᠴᠠᠭᠠᠨ ᠳᠤ᠂ ᠬᠡᠦᠬᠡᠳ ᠤᠳ ᠪᠠᠶᠢᠭᠠᠯᠢ ᠶᠢᠷᠲᠢᠨᠴᠦ ᠶᠢᠨ ᠨᠠᠷᠢᠨ ᠵᠦᠢᠯᠡᠰ ᠢ ᠠᠵᠢᠭᠯᠠᠬᠤ ᠶᠢ ᠰᠤᠷᠴᠤ᠂ ᠤᠷᠭᠤᠮᠠᠯ ᠤᠨ ᠤᠷᠭᠤᠯᠲᠠ ᠶᠢᠨ ᠬᠦᠴᠦᠨ ᠢ ᠮᠡᠳᠡᠷᠡᠵᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃
     ᠵᠠᠯᠭᠠᠭᠠᠳ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽6 · 1︾ ᠤ ᠬᠡᠦᠬᠡᠳ ᠤᠨ ᠪᠠᠶᠠᠷ ᠤᠨ ᠬᠤᠭᠤᠴᠠᠭᠠᠨ ᠳᠤ᠂ ᠬᠡᠦᠬᠡᠳ ᠲᠤ ᠣᠶᠢᠷᠠᠲᠤᠭᠰᠠᠨ᠂ ᠴᠣᠪᠣᠭᠤ ᠳᠡᠭᠵᠢᠨ ᠰᠣᠨᠢᠷᠬᠠᠯᠲᠠᠢ᠂ ᠬᠥᠮᠦᠵᠢᠯ ᠢ ᠪᠠᠶᠠᠷ ᠴᠡᠩᠭᠡᠯ ᠳᠤ ᠠᠬᠤᠭᠤᠯᠤᠭᠰᠠᠨ ᠪᠡᠯᠭᠡᠯᠡᠬᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠡᠦᠬᠡᠳ ᠤᠨ ᠦᠰᠦᠨ ᠪᠤᠶᠢᠵᠢᠯᠲᠠ ᠶᠢᠨ ᠲᠠᠭᠠᠭᠤᠯᠤᠭᠴᠢ᠂ ᠬᠡᠦᠬᠡᠳ ᠤᠨ ᠡᠷᠬᠡ ᠠᠰᠢᠭ ᠤᠨ ᠰᠠᠬᠢᠨ ᠬᠠᠮᠠᠭᠠᠯᠠᠭᠴᠢ᠂ ᠬᠡᠦᠬᠡᠳ ᠤᠨ ᠢᠷᠡᠭᠡᠳᠦᠢ ᠶᠢᠨ ᠬᠦᠰᠡᠯ ᠵᠡᠭᠦᠳᠦ ᠶᠢᠨ ᠲᠡᠷᠭᠡᠯᠰᠢᠭᠦᠯᠦᠭᠴᠢ ᠪᠣᠯᠬᠤ ᠶᠢ ᠰᠠᠶᠢᠲᠤᠷ ᠬᠢᠬᠦ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号