3 ᠵᠢᠯ ᠳᠤ 3600 ᠲᠦᠮᠡᠨ ᠲᠥᠭᠦᠷᠢᠭ ᠲᠣᠬᠢᠷᠠᠭᠤᠯᠵᠤ ᠮᠠᠨ ᠤ ᠣᠷᠣᠨ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠡᠮᠵᠢᠪᠡ
ᠨᠡᠶᠢᠲᠡᠯᠡᠭᠰᠡᠨ ᠴᠠᠭ᠄
2024/5/28
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ  ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3 ᠵᠢᠯ ︵2022-2024 ᠣᠨ ᠤ ᠲᠥᠰᠥᠪ ᠤᠨ ᠣᠨ︶ ᠳᠤ 3600 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠣᠬᠢᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠶᠢ ᠲᠡᠮᠵᠢᠵᠤ ᠪᠠᠶᠢᠨ᠎ᠠ᠃      ᠤᠳᠤ ᠪᠤᠯᠲᠠᠯ᠎ᠠ ᠥᠪᠡᠷᠲᠡᠭᠡᠨ ᠵᠠᠰᠠᠬᠤ ᠣᠷᠣᠨ ᠨᠢᠭᠡᠨᠲᠡ ᠬᠤᠰᠢᠭᠤ ᠰᠢᠶᠠᠨ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ 67 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠠᠪᠴᠠᠩ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠬᠠᠷᠠᠯᠲᠠ ᠡᠭᠦᠷᠭᠡ ᠶᠢ 2025 ᠣᠨ ᠠᠴᠠ ᠡᠮᠦᠨ᠎ᠡ ᠤᠷᠢᠳᠴᠢᠯᠠᠨ ᠪᠡᠶᠡᠯᠡᠭᠦᠯᠪᠡ᠃      ᠨᠠᠰᠤᠨ ᠳᠤ ᠥᠯᠥ ᠭᠦᠷᠦᠭᠰᠡᠳ ᠢ ᠴᠢᠨᠠᠷ ᠰᠠᠶᠢᠲᠠᠢ ᠬᠠᠮᠠᠭᠠᠯᠠᠬᠤ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ 2022 - 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠢᠯ ᠪᠦᠷᠢ ᠶᠢᠨ ᠲᠥᠰᠥᠪ ᠲᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠨᠥᠬᠦᠪᠦᠷᠢ ᠮᠥᠩᠭᠦ ᠶᠢ 1200 ᠲᠦᠮᠡᠨ ᠲᠥᠭᠦᠷᠢᠭ ᠲᠣᠬᠢᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ ᠬᠠᠷᠠᠬᠠᠨ ᠪᠠᠶᠢᠭᠤᠯᠤᠭᠠᠳᠤᠢ ᠬᠤᠰᠢᠭᠤ ᠰᠢᠶᠠᠨ ᠬᠤᠲᠠ ᠶᠢᠨ ᠬᠠᠮᠢᠶ᠎ᠠ ᠪᠦᠬᠦᠢ ᠪᠠᠶᠢᠭᠤᠯᠤᠮᠵᠢ ᠶᠢᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠵᠦ᠂ ᠨᠠᠰᠤᠨ ᠳᠤ ᠥᠯᠥ ᠭᠦᠷᠦᠭᠰᠡᠳ ᠲᠤ ᠪᠦᠷᠢᠨ ᠲᠡᠭᠦᠯᠳᠡᠷ ᠲᠣᠨᠤᠭ ᠲᠥᠬᠦᠭᠡᠷᠦᠮᠵᠢ ᠪᠦᠬᠦᠢ ᠦᠰᠦᠨ ᠪᠣᠶᠢᠵᠢᠬᠤ ᠣᠷᠴᠢᠨ ᠲᠣᠭᠤᠷᠢᠨ ᠢ ᠬᠠᠩᠭᠠᠵᠤ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠵᠠᠢ᠃      3600 ᠲᠦᠮᠡᠨ ᠲᠥᠭᠦᠷᠢᠭ ᠤᠨ ᠨᠥᠬᠦᠪᠦᠷᠢ ᠮᠥᠩᠭᠦ ᠶᠢ ᠬᠡᠷᠡᠭᠯᠡᠬᠦ ᠲᠠᠯ᠎ᠠ ᠪᠠᠷ᠂ ᠮᠠᠨ ᠤ ᠣᠷᠣᠨ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ ᠬᠠᠷᠠᠬᠠᠨ ᠪᠠᠶᠢᠭᠤᠯᠤᠭᠠᠳᠤᠢ ᠬᠤᠰᠢᠭᠤ ᠰᠢᠶᠠᠨ ᠬᠤᠲᠠ ᠨᠢ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ ᠰᠢᠨ᠎ᠡ  ᠪᠠᠷ ᠪᠠᠶᠢᠭᠤᠯᠤᠭᠰᠠᠨ ᠪᠥᠭᠡᠳ ᠲᠥᠯᠦᠪᠵᠢᠭᠦᠯᠭᠡ ᠶᠢᠨ ᠣᠷᠣ ᠨᠢ 40 ᠠᠴᠠ ᠳᠠᠪᠠᠭᠰᠠᠨ ᠪᠠᠶᠢᠪᠠᠯ ᠪᠠᠶᠢᠭᠤᠯᠤᠮᠵᠢ ᠪᠦᠷᠢ ᠳᠤ 300 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ; ᠰᠤᠯᠠ ᠪᠠᠶᠢᠭ᠎ᠠ ᠨᠡᠶᠢᠭᠡᠮ ᠤᠨ ᠡᠬᠢ ᠪᠠᠶᠠᠯᠢᠭ  ᠢ ᠡᠮᠬᠢᠯᠡᠨ ᠨᠡᠶᠢᠯᠡᠭᠦᠯᠵᠦ ᠥᠭᠡᠷᠡᠴᠢᠯᠡᠬᠦ ᠠᠷᠭ᠎ᠠ ᠭᠡᠯᠪᠡᠷᠢ ᠪᠠᠷ ᠨᠠᠰᠤᠨ ᠳᠤ ᠥᠯᠥ ᠭᠦᠷᠥᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠠᠶᠢᠭᠤᠯᠤᠭᠰᠠᠨ ᠮᠥᠷᠲᠡᠭᠡᠨ ᠲᠥᠯᠥᠪᠵᠢᠭᠦᠯᠦᠭᠰᠡᠨ ᠣᠷᠣ ᠨᠢ 20 ᠠᠴᠠ ᠳᠠᠪᠠᠭᠰᠠᠨ ᠪᠠᠶᠢᠪᠠᠯ᠂ ᠪᠠᠶᠢᠭᠤᠯᠤᠮᠵᠢ ᠪᠦᠷᠢ 150 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ ᠭᠡᠵᠦ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号