ᠥᠪᠥᠷ ᠮᠣᠩᠭᠤᠯ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠰᠢᠨ᠎ᠡ ᠲᠣᠭᠲᠠᠭᠠᠯ ᠭᠠᠷᠭᠠᠪᠠ
ᠨᠡᠶᠢᠲᠡᠯᠡᠭᠰᠡᠨ ᠴᠠᠭ᠄
2024/5/28
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2024 ᠣᠨ ᠤ ᠪᠦᠭᠦ ᠣᠷᠣᠨ ᠤ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ᠂ ᠬᠢᠵᠠᠭᠠᠷᠯᠠᠬᠤ ᠴᠢᠨᠠᠷᠲᠠᠢ ᠨᠥᠬᠦᠴᠡᠯ ᠢ ᠪᠠᠭᠠᠰᠬᠠᠬᠤ᠂ ᠬᠥᠮᠥᠨ ᠬᠡᠷᠡᠭᠯᠡᠬᠦ ᠨᠢᠭᠡᠴᠢ ᠳᠤ ᠡᠵᠡᠨ ᠮᠡᠳᠡᠬᠦ ᠡᠷᠬᠡ ᠣᠯᠭᠤᠬᠤ᠂ ︽ᠰᠠᠭᠠᠳ ᠦᠭᠡᠢ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠤᠰᠤᠳᠴᠢ ᠲᠥᠪ ᠭᠤᠤᠯᠴᠢ ᠪᠠᠷ ᠦᠨᠡᠯᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤᠮᠳᠠᠬᠢ ᠴᠢᠳᠠᠪᠤᠷᠢᠲᠠᠨ ᠤ ᠲᠤᠯᠭᠠᠭᠤᠷᠢᠯᠠᠬᠤ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠵᠢᠯ ᠳᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠭ᠎ᠠ ᠶᠢᠨ ᠨᠠᠮᠲᠠᠷ ᠢ ᠯᠠ ᠬᠥᠭᠡᠭᠡᠴᠡᠯᠳᠦᠬᠦ᠂ ᠬᠢᠷᠢ ᠭᠡᠮ ᠢ ᠯᠠ ᠬᠥᠭᠡᠭᠡᠴᠡᠯᠳᠦᠬᠦ᠂ ᠥᠭᠦᠯᠡᠯ ᠢ ᠯᠠ ᠬᠥᠭᠡᠭᠡᠴᠡᠯᠳᠦᠬᠦ᠂ ᠱᠠᠩᠨᠠᠯ ᠤᠨ ᠵᠦᠢᠯᠡᠰ ᠢ ᠯᠠ ᠬᠥᠭᠡᠭᠡᠴᠡᠯᠳᠦᠬᠦ ᠬᠡᠯᠪᠡᠷᠢᠯ ᠢ ᠵᠠᠯᠠᠷᠠᠭᠤᠯᠵᠤ᠂ ᠵᠠᠩ ᠮᠣᠷᠠᠯ᠂ ᠴᠢᠳᠠᠪᠤᠷᠢ᠂ ᠠᠵᠢᠯ ᠤᠨ ᠪᠦᠲᠦᠮᠵᠢ ᠶᠢᠨ ᠤᠳᠤᠷᠢᠳᠤᠮᠵᠢ ᠶᠢ ᠳᠣᠪᠤᠶᠢᠯᠭᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ ᠵᠠᠷᠤᠳᠠᠯ ᠤᠨ ᠲᠤᠭ᠎ᠠ ᠬᠡᠮᠵᠢᠶ᠎ᠡ᠂ ᠱᠠᠩᠨᠠᠯ ᠭᠥᠷᠳᠡᠭᠰᠡᠨ ᠪᠠᠶᠢᠳᠠᠯ᠂ ᠥᠭᠦᠯᠡᠯ ᠨᠡᠶᠢᠲᠡᠯᠡᠭᠰᠡᠨ ᠬᠤᠭᠤᠴᠠᠭᠠᠲᠤ ᠰᠡᠳᠬᠦᠯ ᠤᠨ ᠲᠠᠰ ᠳᠠᠪᠬᠤᠷᠭ᠎ᠠ᠂ ᠵᠡᠷᠭᠡ ᠬᠡᠷᠬᠡᠮ᠂ ᠴᠣᠯᠠ ᠵᠡᠷᠭᠡ ᠶᠢ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠬᠢᠵᠠᠭᠠᠷᠯᠠᠬᠤ ᠴᠢᠨᠠᠷᠲᠠᠢ ᠱᠠᠭᠠᠷᠳᠠᠯᠭ᠎ᠠ ᠪᠤᠯᠭᠠᠬᠤ ᠦᠭᠡᠢ᠃ ᠬᠠᠤᠯᠢ ᠪᠠᠷ ᠲᠣᠭᠲᠠᠭᠠᠭᠰᠠᠨ ᠦᠨᠡᠮᠯᠡᠯ᠂ ᠪᠢᠴᠢᠭ ᠢᠶᠠᠷ ᠮᠡᠳᠡᠭᠳᠡᠬᠦ ᠠᠮᠠᠯᠠᠯᠲᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠢᠨᠠᠨ ᠪᠠᠶᠢᠴᠠᠭᠠᠬᠤ ᠪᠤᠶᠤ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠢᠨᠠᠨ ᠪᠠᠶᠢᠴᠠᠭᠠᠬᠤ᠂ ᠰᠦᠯᠵᠢᠶ᠎ᠡ ᠪᠠᠷ ᠬᠢᠨᠠᠨ ᠰᠢᠯᠭᠠᠬᠤ ᠵᠡᠷᠭᠡ ᠪᠠᠷ ᠳᠠᠮᠵᠢᠭᠤᠯᠤᠨ ᠭᠦᠢᠴᠡᠳᠬᠡᠵᠦ ᠳᠡᠶᠢᠯᠭᠦ ᠪᠦᠭᠦᠨ ᠢ ᠲᠤᠬᠠᠢ ᠶᠢᠨ ᠬᠥᠮᠥᠨ ᠠᠴᠠ ᠢᠯᠡᠭᠦᠴᠡ ᠭᠡᠷᠡᠴᠢᠯᠡᠬᠦ ᠮᠠᠲ᠋ᠧᠷᠢᠶᠠᠯ ᠠᠪᠬᠤ ᠦᠭᠡᠢ᠃ ᠡᠭᠦᠨ ᠤ ᠬᠠᠮᠲᠤ᠂ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠳᠤ ᠬᠥᠮᠥᠨ ᠬᠡᠷᠡᠭᠯᠡᠬᠦ ᠭᠤᠣᠯ ᠴᠣᠭᠴᠠ ᠶᠢᠨ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠡᠷᠬᠡ ᠶᠢ ᠬᠥᠮᠥᠨ ᠬᠡᠷᠡᠭᠯᠡᠬᠦ ᠨᠢᠭᠡᠴᠢ ᠳᠤ ᠣᠯᠭᠤᠵᠤ᠂ ᠪᠡᠶ᠎ᠡ ᠪᠠᠨ ᠳᠠᠭᠠᠭᠠᠵᠤ ᠦᠨᠡᠯᠡᠨ ᠬᠢᠨᠠᠬᠤ ᠪᠣᠯᠭᠠᠨ᠎ᠠ᠃ ᠡᠨᠡ ᠵᠢᠯ ᠳᠡᠭᠡᠳᠦ ᠵᠡᠷᠭᠡ  ᠶᠢᠨ ᠮᠡᠷᠭᠡᠵᠢᠯ ᠤᠨ ᠴᠣᠯᠠ ᠦᠨᠡᠯᠡᠨ ᠬᠢᠨᠠᠬᠤ ᠡᠷᠬᠡ ᠶᠢ 2 ᠣᠷᠣᠨ ᠪᠦᠰᠡ ᠶᠢᠨ ᠡᠮᠴᠢᠯᠡᠭᠡᠨ ᠤ ᠲᠥᠪ᠂ 1 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠭᠤᠯᠭᠠᠵᠤ᠂ ᠨᠡᠶᠢᠭᠡᠮᠴᠢᠯᠡᠭᠰᠡᠨ ᠮᠡᠷᠭᠡᠵᠢᠯ ᠤᠨ ᠴᠣᠯᠠ ᠦᠨᠡᠯᠡᠨ ᠬᠢᠨᠠᠬᠤ ᠺᠣᠮᠢᠰ ᠢ ᠰᠢᠨ᠎ᠡ ᠪᠠᠷ 2 ᠪᠠᠶᠢᠭᠤᠯᠵᠤ᠂ ᠢᠨᠵᠧᠨᠧᠷᠢᠩ ᠤᠨ ᠰᠢᠷᠢᠰ ᠨᠢᠭᠤᠴᠠ ᠶᠢ ᠬᠠᠮᠠᠭᠠᠯᠠᠬᠤ ᠰᠢᠰᠲ᠋ᠧᠮ᠂ ᠲᠣᠮᠣ ᠳ᠋ᠠᠶᠢᠲ᠋ᠠ ᠶᠢᠨ ᠲᠤᠰᠬᠠᠢ ᠮᠡᠷᠭᠡᠵᠢᠯ ᠤᠨ ᠮᠡᠷᠭᠡᠵᠢᠯ ᠤᠨ ᠴᠣᠯᠠ ᠦᠨᠡᠯᠡᠨ ᠬᠢᠨᠠᠬᠤ ᠠᠵᠢᠯ ᠢ ᠲᠣᠰ ᠲᠣᠰ ᠥᠷᠨᠢᠭᠦᠯᠬᠦ ᠪᠣᠯᠣᠨ᠎ᠠ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢᠭᠲᠠᠷᠠᠭᠰᠠᠨ᠂ ᠮᠡᠷᠭᠡᠵᠢᠯ ᠤᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠳᠣᠲᠣᠭᠠᠳᠤ ᠶᠢᠨ ᠬᠠᠮᠢᠶᠠᠷᠤᠯᠲᠠ ᠨᠢ ᠵᠢᠷᠤᠮᠵᠢᠬᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ᠂ ᠬᠡᠪᠴᠢᠶᠡᠲᠦ ᠠᠵᠤ ᠠᠬᠤᠶᠢᠯᠠᠯ ᠵᠢᠴᠢ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠣᠷᠣᠨ ᠪᠦᠰᠡ ᠶᠢᠨ ᠡᠮᠴᠢᠯᠡᠭᠡᠨ ᠤ ᠲᠥᠪ ᠵᠡᠷᠭᠡ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠶᠢ ᠡᠵᠡᠨ ᠮᠡᠳᠡᠵᠦ ᠥᠷᠨᠢᠭᠦᠯᠬᠦ ᠶᠢ ᠵᠣᠷᠢᠭᠵᠢᠭᠤᠯᠤᠨ᠎ᠠ᠃      ᠡᠨᠡ ᠵᠢᠯ᠂ ᠮᠠᠨ ᠤ ᠣᠷᠣᠨ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠥᠪᠡᠷᠲᠡᠭᠡᠨ ᠵᠠᠰᠠᠬᠤ ᠣᠷᠣᠨ ᠤ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ᠂ ᠫᠤᠰᠲ ᠳ᠋ᠣᠺᠲ᠋ᠣᠷ ᠤᠨ ᠴᠢᠳᠠᠪᠤᠷᠢᠲᠠᠨ᠂ ᠭᠠᠳᠠᠭᠠᠳᠤ ᠠᠴᠠ ᠤᠯᠤᠰ ᠲᠠᠭᠠᠨ ᠪᠤᠴᠠᠵᠤ ᠢᠷᠡᠭᠰᠡᠨ ᠴᠢᠳᠠᠪᠤᠷᠢᠲᠠᠨ ᠵᠡᠷᠭᠡ ᠳᠤ ᠰᠠᠭᠠᠳ ᠦᠭᠡᠢ ᠨᠡᠪᠲᠡᠷᠡᠬᠦ ᠵᠠᠮ ᠤᠨ ᠮᠡᠷᠭᠡᠵᠢᠯ ᠤᠨ ᠴᠣᠯᠠ ᠦᠨᠡᠯᠡᠨ ᠬᠢᠨᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠣᠷᠣᠶᠢᠯᠠᠭᠰᠠᠨ ᠴᠢᠳᠠᠪᠤᠷᠢ ᠲᠠᠢ᠂ ᠴᠠᠭᠠᠷᠠᠭᠰᠠᠨ ᠮᠡᠷᠭᠡᠵᠢᠯ ᠲᠠᠢ ᠳᠡᠭᠡᠳᠦ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠮᠡᠷᠭᠡᠵᠢᠯ ᠤᠨ ᠴᠣᠯᠠ ᠦᠨᠡᠯᠡᠨ ᠬᠢᠨᠠᠬᠤ ᠰᠠᠭᠠᠳ ᠦᠭᠡᠢ ᠨᠡᠪᠲᠡᠷᠡᠬᠦ ᠵᠠᠮ ᠤᠨ ᠬᠡᠪᠴᠢᠶᠡᠨ ᠳᠤ ᠣᠷᠣᠭᠤᠯᠤᠨ᠎ᠠ᠃ ᠪᠦᠭᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠦᠨᠡᠯᠡᠨ ᠬᠢᠨᠠᠬᠤ ᠺᠣᠮᠢᠰ ᠤᠨ ᠮᠡᠷᠭᠡᠵᠢᠯ ᠤᠨ ᠴᠣᠯᠠ ᠦᠨᠡᠯᠡᠨ ᠬᠢᠨᠠᠬᠤ ᠠᠵᠢᠯ ᠳᠤ ᠬᠢᠨᠠᠯᠲᠠ ᠲᠠᠯᠪᠢᠵᠤ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ᠡᠯ᠎ᠡ ᠦᠨᠡᠯᠡᠨ ᠬᠢᠨᠠᠬᠤ ᠺᠣᠮᠢᠰ ᠨᠢ ᠦᠨᠡᠯᠡᠨ ᠬᠢᠨᠠᠬᠤ ᠠᠴᠠ ᠪᠠᠨ ᠡᠮᠦᠨ᠎ᠡ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠢᠯᠭᠠᠷᠠᠭᠤᠯᠤᠨ ᠵᠢᠷᠤᠮᠵᠢᠭᠤᠯᠵᠤ᠂ ᠪᠡᠶ᠎ᠡ ᠪᠠᠨ ᠳᠠᠭᠠᠭᠠᠵᠤ ᠦᠨᠡᠯᠡᠨ ᠬᠢᠨᠠᠬᠤ ᠳᠤ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ ᠤ ᠭᠤᠷᠪᠠᠨ ᠤ ᠨᠢᠭᠡ ᠬᠤᠪᠢ ᠠᠴᠠ ᠳᠡᠭᠡᠭᠰᠢᠬᠢ ᠨᠢ ᠲᠤᠰ ᠨᠢᠭᠡᠴᠢ ᠶᠢᠨ ᠪᠤᠰᠤ ᠠᠵᠢᠯ ᠨᠢᠭᠡᠲᠡᠨ ᠪᠠᠶᠢᠬᠤ ᠶᠢ ᠪᠠᠲᠤᠯᠠᠬᠤ ᠬᠡᠷᠡᠭᠲᠡᠢ᠃      ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠲᠠᠢ ᠬᠥᠮᠥᠰ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠭᠠᠷᠬᠤ ᠪᠠᠷ ᠳᠡᠮᠵᠢᠨ᠂ ᠮᠡᠳᠡᠭᠡ ᠵᠠᠩᠭᠢ ᠲᠠᠭᠯᠠᠨ ᠪᠢᠴᠢᠵᠦ ᠰᠢᠭᠤᠳ ᠬᠠᠷᠠᠭᠠᠯᠵᠠᠭᠰᠠᠨ ᠲᠠᠰ ᠳᠠᠪᠬᠤᠷᠭ᠎ᠠ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠭᠤᠯᠬᠤ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠡᠭᠦᠨ ᠤ ᠬᠠᠮᠲᠤ᠂ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠮᠡᠷᠭᠡᠵᠢᠯ ᠤᠨ ᠴᠣᠯᠠ ᠦᠨᠡᠯᠡᠨ ᠬᠢᠨᠠᠬᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠬᠥᠮᠥᠷᠭᠡ ᠪᠠᠶᠢᠭᠤᠯᠵᠤ᠂ ᠰᠢᠯᠭᠠᠷᠠᠭᠤᠯᠬᠤ ᠳᠤ ᠣᠷᠣᠯᠴᠠᠭᠰᠠᠳ᠂ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ᠂ ᠠᠵᠢᠯᠲᠠᠳ ᠵᠢᠴᠢ ᠦᠨᠡᠯᠡᠨ ᠬᠢᠨᠠᠬᠤ ᠺᠣᠮᠢᠰ ᠤᠨ ᠵᠣᠬᠢᠶᠠᠨ ᠪᠠᠶᠢᠭᠤᠯᠤᠭᠰᠠᠨ ᠨᠢᠭᠡᠴᠢ᠂ ᠬᠥᠮᠥᠨ ᠬᠡᠷᠡᠭᠯᠡᠬᠦ ᠨᠢᠭᠡᠴᠢ ᠶᠢᠨ ᠮᠡᠷᠭᠡᠵᠢᠯ ᠤᠨ ᠴᠣᠯᠠ ᠦᠨᠡᠯᠡᠨ ᠬᠢᠨᠠᠬᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠳᠤ ᠲᠡᠮᠳᠡᠭᠯᠡᠯ ᠬᠢᠵᠦ᠂ ᠢᠲᠡᠭᠡᠮᠵᠢ ᠠᠯᠳᠠᠭᠰᠠᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠳᠠᠮᠵᠢᠭᠤᠯᠤᠨ᠂ ᠪᠦᠭᠦ ᠣᠷᠣᠨ ᠤ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠶᠠᠰᠤ ᠴᠢᠨᠠᠷ ᠢ ᠤᠯᠠᠮ ᠳᠡᠭᠡᠭᠰᠢᠯᠡᠭᠦᠯᠵᠦ᠂ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号