2023 ᠣᠨ ᠳᠤ᠂ 44 ᠬᠤᠲᠠ ᠲᠠᠮᠠᠬᠢ ᠲᠠᠲᠠᠬᠤ ᠶᠢ ᠬᠢᠵᠠᠭᠠᠷᠯᠠᠬᠤ ᠬᠤᠲᠠ ᠶᠢᠨ ᠱᠠᠲᠤᠨ ᠤ ᠬᠠᠮᠢᠶ᠎ᠠ | ᠪᠦᠬᠦᠢ ᠬᠠᠤᠯᠢ ᠲᠣᠭᠲᠠᠭᠠᠯ ᠢ ᠰᠢᠨ᠎ᠡ ᠪᠠᠷ ᠨᠡᠶᠢᠲᠡᠯᠡᠭᠰᠡᠨ ᠪᠤᠶᠤ ᠵᠠᠰᠠᠪᠤᠷᠢ ᠣᠷᠣᠭᠤᠯᠪᠠ᠃ ᠣᠳᠣᠬᠠᠨ ᠪᠤᠯᠲᠠᠯ᠎ᠠ᠂ | ᠮᠠᠨ ᠤ ᠤᠯᠤᠰ ᠤᠨ 24 ᠮᠤᠵᠢ ᠣᠷᠣᠨ ᠲᠠᠮᠠᠬᠢ ᠲᠠᠲᠠᠬᠤ ᠶᠢ ᠬᠢᠵᠠᠭᠠᠷᠯᠠᠬᠤ ᠮᠤᠵᠢ ᠶᠢᠨ ᠱᠠᠲᠤᠨ ᠤ ᠬᠠᠮᠢᠶ᠎ᠠ | ᠪᠦᠬᠦᠢ ᠬᠠᠤᠯᠢ ᠲᠣᠭᠲᠠᠭᠠᠯ ᠢ ᠨᠡᠶᠢᠲᠡᠯᠡᠵᠦ᠂ 254 ᠬᠤᠲᠠ ᠲᠠᠮᠠᠬᠢ ᠲᠠᠲᠠᠬᠤ ᠶᠢ ᠬᠢᠵᠠᠭᠠᠷᠯᠠᠬᠤ ᠬᠤᠲᠠ ᠶᠢᠨ | ᠱᠠᠲᠤᠨ ᠤ ᠬᠠᠮᠢᠶ᠎ᠠ ᠪᠦᠬᠦᠢ ᠬᠠᠤᠯᠢ ᠲᠣᠭᠲᠠᠭᠠᠯ ᠢ ᠨᠡᠶᠢᠲᠡᠯᠡᠵᠦ᠂ ᠪᠦᠭᠦ ᠲᠠᠯ᠎ᠠ ᠪᠠᠷ ᠲᠠᠮᠠᠬᠢ ᠲᠠᠲᠠᠬᠤ ᠶᠢ | ᠬᠢᠵᠠᠭᠠᠷᠯᠠᠬᠤ ᠬᠠᠤᠯᠢ ᠲᠣᠭᠲᠠᠭᠠᠯ ᠢᠶᠠᠷ ᠬᠥᠮᠥᠨ ᠠᠮᠠ ᠶᠢᠨ ᠬᠠᠷᠢᠴᠠᠯ ᠤᠨ ᠲᠠᠰᠤᠷᠠᠯᠲᠠ ᠦᠭᠡᠢ ᠳᠡᠭᠡᠭᠰᠢᠯᠡᠬᠦ ᠶᠢ | ᠰᠢᠢᠳᠪᠦᠷᠢᠯᠡᠵᠦ ᠪᠤᠢ᠃ | ᠡᠨᠡ ᠪᠣᠯ ᠰᠤᠷᠪᠤᠯᠵᠢᠯᠠᠬᠴᠢ 5 ᠰᠠᠷ᠎ᠠ ᠶᠢᠨ 25 ᠤ ᠡᠳᠦᠷ ᠳᠤᠮᠳᠠᠳᠤ ᠤᠯᠤᠰ ᠤᠨ ᠲᠠᠮᠠᠬᠢ ᠲᠠᠲᠠᠬᠤ ᠶᠢ | ᠬᠢᠵᠠᠭᠠᠷᠯᠠᠬᠤ ᠨᠡᠶᠢᠭᠡᠮᠯᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠲᠠᠮᠠᠬᠢ ᠲᠠᠲᠠᠬᠤ ᠶᠢ ᠬᠢᠵᠠᠭᠠᠷᠯᠠᠬᠤ ᠪᠠ ᠡᠷᠡᠭᠦᠯ | ᠮᠡᠨᠳᠦ ᠶᠢ ᠠᠬᠢᠭᠤᠯᠬᠤ ᠲᠤᠰᠬᠠᠢ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ ︽ᠲᠠᠮᠠᠬᠢ ᠲᠠᠲᠠᠬᠤ ᠶᠢ | ᠬᠢᠵᠠᠭᠠᠷᠯᠠᠬᠤ ᠪᠠ ᠡᠷᠡᠭᠦᠯ ᠮᠡᠨᠳᠦ︾ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠠᠴᠠ ᠣᠶᠢᠯᠠᠭᠠᠭᠰᠠᠨ | ᠮᠡᠳᠡᠭᠡ ᠪᠣᠯᠣᠨ᠎ᠠ᠃ | ᠲᠠᠮᠠᠬᠢ ᠲᠠᠲᠠᠬᠤ ᠶᠢ ᠬᠢᠵᠠᠭᠠᠷᠯᠠᠬᠤ ᠳᠤ ᠲᠠᠮᠠᠬᠢ ᠲᠠᠲᠠᠬᠤ ᠶᠢ ᠰᠡᠷᠭᠡᠶᠢᠯᠡᠬᠦ ᠪᠠ ᠲᠠᠮᠠᠬᠢ ᠲᠠᠲᠠᠭᠴᠢᠳ ᠤᠨ | ᠲᠠᠮᠠᠬᠢ ᠪᠠᠨ ᠵᠣᠬᠰᠣᠬᠤ ᠶᠢ ᠠᠬᠢᠭᠤᠯᠬᠤ ᠶᠠᠪᠤᠳᠠᠯ ᠢ ᠪᠠᠭᠲᠠᠭᠠᠵᠤ᠂ ᠬᠥᠮᠥᠰ ᠤᠨ ᠡᠪᠡᠳᠴᠢᠨ ᠡᠮᠭᠡᠭ ᠢ ᠤᠷᠢᠳᠴᠢᠯᠠᠨ | ᠰᠡᠷᠭᠡᠶᠢᠯᠡᠬᠦ ᠪᠠ ᠬᠤᠪᠢ ᠬᠥᠮᠥᠨ ᠤ ᠡᠷᠡᠭᠦᠯ ᠮᠡᠨᠳᠦ ᠶᠢ ᠬᠠᠮᠠᠭᠠᠯᠠᠬᠤ ᠪᠣᠯᠣᠮᠵᠢᠲᠤ ᠠᠷᠭ᠎ᠠ ᠬᠡᠮᠵᠢᠶ᠎ᠡ ᠪᠣᠯᠣᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠥᠯᠦᠪᠵᠢᠭᠦᠯᠭᠡ ᠬᠥᠭᠵᠢᠭᠦᠯᠦᠯᠲᠡ ᠬᠢᠭᠡᠳ | ᠮᠡᠳᠡᠭᠡ ᠵᠠᠩᠭᠢᠵᠢᠯᠲᠠ ᠶᠢᠨ ᠵᠤᠷᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠠᠯᠪᠠᠨ | ᠭᠡᠷ ᠤᠨ ᠳᠠᠷᠤᠭ᠎ᠠ ᠸᠠᠩ ᠯᠦ᠂ 2003 ᠣᠨ ᠳᠤ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠶᠡᠭᠡ ᠬᠤᠷᠠᠯ ᠠᠴᠠ | ︽ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠨᠠᠪᠴᠢᠨ ᠲᠠᠮᠠᠬᠢ ᠶᠢ ᠬᠢᠵᠠᠭᠠᠷᠯᠠᠬᠤ ᠪᠣᠷᠣ | ᠲᠥᠯᠥᠪ ᠤᠨ ᠨᠡᠶᠢᠲᠡ ᠶᠢᠨ ᠭᠡᠷ᠎ᠡ︾ ᠶᠢ ᠵᠥᠪᠰᠢᠶᠡᠷᠡᠵᠦ᠂ ᠲᠠᠮᠠᠬᠢ ᠶᠢᠨ ᠡᠷᠡᠭᠦᠯ ᠮᠡᠨᠳᠦ ᠪᠠ ᠠᠵᠤ ᠠᠬᠤᠢ ᠳᠤ | ᠦᠵᠡᠭᠦᠯᠭᠦ ᠡᠪᠳᠡᠯᠡᠭᠡ ᠶᠢᠨ ᠴᠢᠨᠠᠷᠲᠠᠢ ᠨᠥᠯᠥᠭᠡ ᠶᠢ ᠪᠠᠭᠠᠰᠬᠠᠬᠤ ᠶᠢ ᠵᠣᠷᠢᠪᠠ᠃ ᠳᠤᠮᠳᠠᠳᠤ ᠤᠯᠤᠰ 2005 | ᠣᠨ ᠳᠤ ︽ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠨᠠᠪᠴᠢᠨ ᠲᠠᠮᠠᠬᠢ ᠶᠢ ᠬᠢᠵᠠᠭᠠᠷᠯᠠᠬᠤ | ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢ ᠵᠥᠪᠰᠢᠶᠡᠷᠡᠵᠦ᠂ 2006 ᠣᠨ ᠳᠤ ᠨᠡᠶᠢᠲᠡ ᠶᠢᠨ ᠭᠡᠷ᠎ᠡ ᠨᠢ | ᠳᠤᠮᠳᠠᠳᠤ ᠤᠯᠤᠰ ᠲᠤ ᠵᠢᠩᠬᠢᠨᠢ ᠪᠠᠷ ᠬᠦᠴᠦᠨ ᠲᠠᠢ ᠪᠣᠯᠵᠠᠢ ᠭᠡᠵᠦ ᠲᠠᠨᠢᠯᠴᠠᠭᠤᠯᠪᠠ᠃ | ︽︿ᠡᠷᠡᠭᠦᠯ ᠡᠩᠬᠡ ᠳᠤᠮᠳᠠᠳᠤ ᠤᠯᠤᠰ 2030﹀ ᠲᠥᠯᠦᠪᠵᠢᠭᠦᠯᠭᠡ ᠶᠢᠨ ᠬᠥᠲᠥᠯᠪᠦᠷᠢ︾ ᠳᠤ᠂ ᠲᠠᠮᠠᠬᠢ | ᠲᠠᠲᠠᠬᠤ ᠶᠢ ᠬᠢᠵᠠᠭᠠᠷᠯᠠᠬᠤ ᠭᠡᠷ᠎ᠡ ᠶᠢ ᠭᠦᠢᠴᠡᠳᠬᠡᠬᠦ ᠶᠢ ᠪᠦᠭᠦ ᠲᠠᠯ᠎ᠠ ᠪᠠᠷ ᠠᠬᠢᠭᠤᠯᠵᠤ᠂ ᠲᠠᠮᠠᠬᠢ ᠲᠠᠲᠠᠬᠤ ᠶᠢ | ᠬᠢᠵᠠᠭᠠᠷᠯᠠᠬᠤ ᠡᠷᠴᠢᠮ ᠢᠶᠠᠨ ᠴᠢᠩᠭᠠᠷᠠᠭᠤᠯᠵᠤ᠂ ᠦᠨ᠎ᠡ ᠬᠠᠩᠰᠢ᠂ ᠭᠠᠶᠢᠯᠢ ᠲᠠᠲᠠᠪᠤᠷᠢ᠂ ᠬᠠᠤᠯᠢ ᠴᠠᠭᠠᠵᠠ ᠵᠡᠷᠭᠡ ᠠᠷᠭ᠎ᠠ | ᠪᠠᠷᠢᠯ ᠢ ᠬᠡᠷᠡᠭᠯᠡᠨ ᠲᠠᠮᠠᠬᠢ ᠲᠠᠲᠠᠬᠤ ᠶᠢ ᠬᠢᠵᠠᠭᠠᠷᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠣᠲᠤᠭ᠎ᠠ | ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠯᠠᠨ ᠨᠡᠶᠢᠲᠡ ᠶᠢᠨ | ᠲᠠᠯᠠᠪᠤᠷ ᠭᠠᠵᠠᠷ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠬᠤ ᠬᠡᠷᠡᠭᠲᠡᠢ᠃ ᠣᠯᠠᠨ | ᠨᠡᠶᠢᠲᠡ ᠶᠢᠨ ᠲᠠᠯᠠᠪᠤᠷ ᠭᠠᠵᠠᠷ ᠲᠤ ᠲᠠᠮᠠᠬᠢ ᠲᠠᠲᠠᠬᠤ ᠶᠢ ᠴᠠᠭᠠᠵᠠᠯᠠᠬᠤ ᠠᠵᠢᠯ ᠢ ᠠᠬᠢᠭᠤᠯᠵᠤ᠂ ᠭᠡᠷ ᠳᠣᠲᠣᠷᠠᠬᠢ | ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠲᠠᠮᠠᠬᠢ ᠲᠠᠲᠠᠬᠤ ᠶᠢ ᠪᠦᠭᠦ ᠲᠠᠯ᠎ᠠ ᠪᠠᠷ ᠴᠠᠭᠠᠵᠠᠯᠠᠬᠤ ᠶᠢ ᠠᠯᠭᠤᠷ ᠢᠶᠠᠷ | ᠪᠡᠶᠡᠯᠡᠭᠦᠯᠬᠦ ᠬᠡᠷᠡᠭᠲᠡᠢ᠃ 2030 ᠣᠨ ᠪᠤᠯᠬᠤ ᠳᠤ᠂ 15 ᠨᠠᠰᠤᠨ ᠠᠴᠠ ᠳᠡᠭᠡᠭᠰᠢᠬᠢ ᠬᠥᠮᠥᠰ ᠤᠨ ᠲᠠᠮᠠᠬᠢ ᠲᠠᠲᠠᠬᠤ | ᠨᠣᠷᠮ᠎ᠠ ᠶᠢ 20% ᠪᠤᠯᠲᠠᠯ᠎ᠠ ᠪᠠᠭᠤᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠣᠶᠢᠷ᠎ᠠ ᠶᠢᠨ ᠵᠢᠯ ᠤᠳ ᠲᠤ᠂ ᠬᠡᠰᠡᠭ ᠭᠠᠵᠠᠷ ᠣᠷᠣᠨ ᠲᠠᠮᠠᠬᠢ ᠲᠠᠲᠠᠬᠤ ᠶᠢ ᠬᠢᠵᠠᠭᠠᠷᠯᠠᠬᠤ ᠬᠠᠤᠯᠢ | ᠲᠣᠭᠲᠠᠭᠠᠬᠤ ᠠᠵᠢᠯ ᠢ ᠢᠳᠡᠪᠬᠢᠲᠡᠢ ᠠᠬᠢᠭᠤᠯᠪᠠ᠂ ᠵᠢᠱᠢᠶᠡᠯᠡᠪᠡᠯ ︽ᠱᠠᠩᠬᠠᠢ ᠬᠤᠲᠠ ᠶᠢᠨ ᠣᠯᠠᠨ ᠨᠡᠶᠢᠲᠡ ᠶᠢᠨ | ᠲᠠᠯᠠᠪᠤᠷ ᠭᠠᠵᠠᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠳᠦᠷᠢᠮ︾ ᠢ ᠬᠡᠷᠡᠭᠵᠢᠭᠦᠯᠦᠭᠰᠡᠨ ᠠᠴᠠ ᠨᠠᠭᠠᠰᠢ᠂ | ᠨᠠᠰᠤᠨ ᠳᠤ ᠭᠦᠷᠦᠭᠰᠡᠳ ᠤᠨ ᠲᠠᠮᠠᠬᠢ ᠲᠠᠲᠠᠬᠤ ᠨᠣᠷᠮ᠎ᠠ 19.4% ᠪᠣᠯᠵᠤ ᠪᠠᠭᠤᠷᠠᠪᠠ; ︽ᠪᠡᠭᠡᠵᠢᠩ | ᠬᠤᠲᠠ ᠶᠢᠨ ᠲᠠᠮᠠᠬᠢ ᠲᠠᠲᠠᠬᠤ ᠶᠢ ᠬᠢᠵᠠᠭᠠᠷᠯᠠᠬᠤ ᠳᠦᠷᠢᠮ︾ ᠳᠤ ᠣᠯᠠᠨ ᠨᠡᠶᠢᠲᠡ ᠶᠢᠨ ᠲᠠᠯᠠᠪᠤᠷ ᠭᠠᠵᠠᠷ᠂ ᠠᠵᠢᠯᠯᠠᠬᠤ | ᠲᠠᠯᠠᠪᠤᠷ ᠤᠨ ᠭᠡᠷ ᠳᠣᠲᠣᠷᠠᠬᠢ ᠣᠷᠴᠢᠨ ᠲᠣᠭᠤᠷᠢᠨ᠂ ᠭᠡᠷ ᠤᠨ ᠭᠠᠳᠠᠨ᠎ᠠ ᠮᠥᠷᠯᠡᠬᠦ ᠵᠡᠷᠭᠡ ᠲᠠᠯᠠᠪᠤᠷ ᠭᠠᠵᠠᠷ ᠲᠤ | ᠲᠠᠮᠠᠬᠢ ᠲᠠᠲᠠᠬᠤ ᠶᠢ ᠴᠠᠭᠠᠵᠠᠯᠠᠨ᠎ᠠ ᠭᠡᠵᠦ ᠲᠣᠭᠲᠠᠭᠠᠵᠠᠢ ᠁ | ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2022 ᠣᠨ ᠳᠤ᠂ ᠮᠠᠨ ᠤ ᠤᠯᠤᠰ ᠤᠨ 15 ᠨᠠᠰᠤ ᠵᠢᠴᠢ | ᠲᠡᠭᠦᠨ ᠠᠴᠠ ᠳᠡᠭᠡᠭᠰᠢᠬᠢ ᠬᠥᠮᠥᠰ ᠤᠨ ᠲᠠᠮᠠᠬᠢ ᠲᠠᠲᠠᠬᠤ ᠨᠣᠷᠮ᠎ᠠ 24.1% ᠪᠠᠶᠢᠵᠤ᠂ 2020 ᠣᠨ ᠤ ᠬᠢ ᠲᠠᠢ | ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 1.7 ᠬᠤᠪᠢ ᠪᠠᠭᠤᠷᠠᠪᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠥᠯᠦᠪᠵᠢᠭᠦᠯᠭᠡ ᠬᠥᠭᠵᠢᠭᠦᠯᠦᠯᠲᠡ | ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠤ ᠳᠡᠳ᠋ ᠳᠠᠷᠤᠭ᠎ᠠ ᠦ᠋ ᠰᠢᠶᠠᠩ ᠲᠢᠶᠠᠨ᠂ ᠲᠠᠮᠠᠬᠢ ᠲᠠᠲᠠᠬᠤ ᠦᠭᠡᠢ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠮᠠᠬᠢ ᠲᠠᠲᠠᠬᠤ ᠶᠢ | ᠬᠢᠵᠠᠭᠠᠷᠯᠠᠬᠤ ᠤᠬᠠᠭᠤᠯᠭ᠎ᠠ ᠬᠥᠮᠦᠵᠢᠯ ᠢ ᠡᠪᠡᠳᠴᠢᠲᠡᠨ ᠢ ᠡᠮᠨᠡᠨ ᠵᠠᠰᠠᠬᠤ ᠠᠵᠢᠯ ᠤᠨ ᠴᠢᠬᠤᠯᠠ ᠠᠭᠤᠯᠭ᠎ᠠ ᠶᠢᠨ | ᠨᠢᠭᠡ ᠪᠤᠯᠭᠠᠵᠤ᠂ ᠡᠪᠡᠳᠴᠢᠲᠡᠨ ᠢ ᠬᠠᠪᠰᠤᠷᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠭᠡᠯᠪᠡᠷᠢ ᠶᠢ ᠡᠷᠭᠢᠮᠯᠡᠭᠦ ᠶᠢ | ᠪᠡᠶᠡᠯᠡᠭᠦᠯᠦᠨ᠎ᠡ᠃ ᠡᠭᠦᠨ ᠤ ᠬᠠᠮᠲᠤ᠂ ᠨᠠᠪᠴᠢᠨ ᠲᠠᠮᠠᠬᠢ ᠠᠴᠠ ᠪᠣᠯᠤᠭᠰᠠᠨ ᠡᠪᠡᠳᠴᠢᠨ ᠲᠠᠬᠤᠯ ᠤᠨ ᠰᠤᠳᠤᠯᠤᠯ | ᠪᠣᠯᠣᠨ ᠡᠮᠴᠢᠯᠡᠭᠡᠨ ᠤ ᠣᠨᠣᠰᠢᠯᠠᠨ ᠡᠮᠨᠡᠬᠦ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠷᠴᠢᠮ ᠢᠶᠠᠨ | ᠴᠢᠩᠭᠠᠷᠠᠭᠤᠯᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠴᠢᠨᠠᠭᠰᠢᠳᠠ ᠠᠬᠢᠭᠤᠯᠤᠨ᠎ᠠ ᠭᠡᠵᠦ ᠢᠯᠡᠳᠬᠡᠪᠡ᠃ | | | |