ᠡᠯ ᠹᠧᠨ ᠽᠢ ᠰᠢᠶᠠᠩ ᠤᠨ ᠬᠠᠤᠯᠢ ᠴᠠᠭᠠᠵᠠ ᠶᠢᠨ ᠭᠠᠵᠠᠷ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠪᠦᠬᠦ ᠠᠷᠠᠳ ᠤᠨ ᠬᠠᠤᠯᠢ ᠲᠦᠭᠡᠮᠡᠯᠵᠢᠭᠦᠯᠬᠦ ᠬᠠᠤᠯᠢ ᠰᠠᠬᠢᠬᠤ ᠡᠷᠦᠬᠡ ᠳᠤ ᠣᠷᠣᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/30
   ᠦᠴᠦᠸᠠᠨ ᠰᠢᠶᠠᠨ ᠤ ᠠᠮᠤᠷ ᠲᠦᠪᠰᠢᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠵᠤ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠷᠠᠳ ᠣᠯᠠᠨ ᠤ ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠡᠯ ᠹᠧᠨ ᠽᠢ ᠰᠢᠶᠠᠩ ᠤᠨ ᠬᠠᠤᠯᠢ ᠴᠠᠭᠠᠵᠠ ᠶᠢᠨ ᠭᠠᠵᠠᠷ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠪᠦᠬᠦ ᠠᠷᠠᠳ ᠤᠨ ᠬᠠᠤᠯᠢ ᠲᠦᠭᠡᠮᠡᠯᠵᠢᠭᠦᠯᠬᠦ ᠬᠠᠤᠯᠢ ᠰᠠᠬᠢᠬᠤ ᠡᠷᠦᠬᠡ ᠳᠤ ᠣᠷᠣᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠯ ᠹᠧᠨ ᠽᠢ ᠰᠢᠶᠠᠩ ᠤᠨ ᠬᠤᠶᠠᠷ ᠱᠠᠲᠤᠨ ᠤ ᠺᠠᠳ᠋ᠷ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ 30 ᠭᠠᠷᠤᠢ ᠬᠥᠮᠥᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠲᠣᠰ ᠲᠣᠰ ᠤᠨ ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠳᠤ ᠬᠦᠷᠴᠦ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠪᠦᠬᠦ ᠠᠷᠠᠳ ᠤᠨ ᠬᠠᠤᠯᠢ ᠲᠦᠭᠡᠮᠡᠯᠵᠢᠭᠦᠯᠬᠦ ᠬᠠᠤᠯᠢ ᠰᠠᠬᠢᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠠᠵᠢᠯᠲᠠᠳ ᠲᠣᠰᠬᠤᠨ ᠤ ᠠᠷᠠᠳ ᠲᠤ ᠦᠷᠭᠦᠯᠵᠢ ᠬᠡᠷᠡᠭᠯᠡᠳᠡᠭ ᠬᠠᠤᠯᠢ ᠴᠠᠭᠠᠵᠠ ᠶᠢᠨ ᠮᠡᠳᠡᠯᠭᠡ ᠶᠢᠨ ᠭᠠᠷ ᠳᠡᠪᠲᠡᠷ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠨᠢᠭᠤᠷᠳᠠᠨ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ᠂ ᠬᠠᠤᠯᠢ ᠴᠠᠭᠠᠵᠠ ᠬᠠᠤᠯᠢ ᠲᠣᠭᠲᠠᠭᠠᠯ ᠢ ᠣᠯᠠᠨ ᠲᠠᠯ᠎ᠠ ᠠᠴᠠ ᠤᠬᠠᠭᠤᠯᠵᠤ᠂ ᠲᠣᠰᠬᠤᠨ ᠤ ᠠᠷᠠᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠯᠭᠡᠵᠦ᠂ ᠵᠥᠷᠢᠴᠡᠯ ᠵᠢᠭᠤᠷᠠᠯᠳᠤᠭᠠᠨ ᠡᠭᠦᠰᠬᠦ ᠦᠶ᠎ᠡ ᠳᠤ ᠬᠠᠤᠯᠢ ᠶᠣᠰᠣᠭᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ ᠵᠢᠭᠠᠨ ᠵᠢᠯᠣᠭᠤᠳᠪᠠ᠃ ᠡᠭᠦᠨ ᠤ ᠬᠠᠮᠲᠤ᠂ ᠡᠯ ᠹᠧᠨ ᠽᠢ ᠰᠢᠶᠠᠩ ᠤᠨ ᠠᠮᠤᠷ ᠢ ᠬᠠᠮᠠᠭᠠᠯᠠᠬᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠮᠥᠷᠭᠦᠯᠳᠦᠭᠡᠨ ᠪᠠ ᠬᠦᠴᠦᠷᠬᠡᠭᠯᠡᠯ ᠤᠨ ᠬᠡᠷᠡᠭ ᠭᠠᠷᠬᠤ ᠠᠴᠠ ᠵᠠᠶᠢᠯᠠᠰᠬᠢᠪᠡ᠃    ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ ᠬᠠᠯᠠᠭᠤᠨ ᠰᠡᠳᠬᠢᠯᠭᠡ ᠶᠢ ᠳᠠᠶᠢᠴᠢᠯᠠᠨ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠬᠤ᠂ ᠠᠮᠤᠷ ᠠᠮᠤᠭᠤᠯᠠᠩ ᠬᠥᠳᠡᠭᠡ ᠲᠣᠰᠬᠤᠨ ᠢ ᠪᠣᠶ ᠪᠣᠯᠭᠠᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号