ᠦᠴᠦᠸᠠᠨ ᠰᠢᠶᠠᠨ ᠳᠤ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠵᠦᠴᠦᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/5/30
     ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠢᠳᠡᠪᠬᠢᠲᠡᠢ ᠪᠠᠶᠠᠰᠤᠩᠭᠤᠢ ᠰᠡᠳᠬᠢᠴᠡ ᠶᠢᠨ ᠬᠡᠪ ᠴᠢᠨᠠᠷ ᠢ ᠪᠣᠶ ᠪᠣᠯᠭᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠡᠶ᠎ᠡ ᠵᠣᠬᠢᠴᠠᠩᠭᠤᠢ ᠬᠥᠭᠵᠢᠯᠲᠡ ᠪᠠ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ︽ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠶᠢᠨ ᠰᠠᠷ᠎ᠠ︾ ᠬᠦᠷᠴᠦ ᠢᠷᠡᠬᠦ ᠲᠠᠰᠢᠷᠠᠮ ᠢᠶᠠᠷ᠂ 5 ᠰᠠᠷ᠎ᠠ ᠶᠢᠨ 28 ᠤ ᠡᠳᠦᠷ᠂ ᠦᠴᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠵᠦᠴᠦᠭᠡ ᠶᠢᠨ ᠤᠷᠤᠯᠳᠤᠭᠠᠨ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠵᠤ᠂ ᠪᠥᠬᠦ ᠰᠢᠶᠠᠨ ᠤ ᠨᠡᠶᠢᠲᠡ ᠨᠠᠢᠮᠠᠨ ᠰᠤᠷᠭᠠᠭᠤᠯᠢ ᠲᠣᠰ ᠤᠳᠠᠭᠠᠨ ᠤ ᠤᠷᠤᠯᠳᠤᠭᠠᠨ ᠳᠤ ᠣᠷᠣᠯᠴᠠᠪᠠ᠃
     ᠲᠣᠰ ᠤᠳᠠᠭᠠᠨ ᠤ ᠤᠷᠤᠯᠳᠤᠭᠠᠨ ᠨᠢ ᠰᠤᠷᠤᠭᠴᠢᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠡᠯᠪᠡᠷᠢ ᠶᠢ ᠥᠷᠭᠡᠳᠬᠡᠪᠡ᠃ ᠤᠷᠤᠯᠳᠤᠭᠠᠨ ᠳᠤ ᠣᠷᠣᠯᠴᠠᠭᠰᠠᠨ ᠠᠩᠭᠢ ᠨᠢᠭᠡᠪᠦᠷᠢ ᠥᠪᠡᠷᠮᠢᠴᠡ ᠬᠡᠪ ᠨᠠᠮᠪᠠ ᠪᠠᠨ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠰᠤᠷᠤᠭᠴᠢᠳ ᠤᠨ ᠦᠷᠭᠦᠯᠵᠢ ᠲᠣᠬᠢᠶᠠᠯᠳᠤᠳᠠᠭ ᠰᠡᠳᠬᠢᠴᠡ ᠶᠢᠨ ᠠᠰᠠᠭᠤᠳᠠᠯ ᠪᠠ ᠬᠠᠯᠠᠭᠤᠨ ᠴᠡᠭ ᠤᠨ ᠠᠰᠠᠭᠤᠳᠠᠯ ᠢ ᠭᠦᠢᠴᠡᠳ ᠲᠤᠰᠬᠠᠪᠠ᠃ ᠰᠤᠷᠤᠭᠴᠢᠳ ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠭᠤᠯᠤᠨ᠂ ᠬᠥᠮᠥᠰ ᠤᠨ ᠳᠣᠲᠣᠭᠠᠳᠤ ᠰᠡᠳᠬᠢᠯ ᠤᠨ ᠬᠠᠶᠢᠷ᠎ᠠ ᠰᠡᠳᠬᠢᠯᠭᠡ᠂ ᠵᠥᠷᠢᠴᠡᠯ ᠮᠥᠷᠭᠦᠯᠳᠦᠭᠡᠨ᠂ ᠣᠯᠠᠨ ᠳᠠᠪᠬᠤᠷ ᠵᠠᠭᠤᠷᠠᠯᠳᠤᠭᠠᠨ ᠢ ᠲᠠᠪᠴᠠᠩ ᠳᠡᠭᠡᠷ᠎ᠡ ᠢᠯᠡᠷᠡᠭᠦᠯᠵᠦ᠂ ᠮᠥᠷᠭᠦᠯᠳᠦᠭᠡᠨ ᠤ ᠳᠤᠮᠳᠠ ᠦᠰᠦᠨ ᠪᠣᠶᠢᠵᠢᠵᠤ᠂ ᠡᠪᠰᠡᠬᠦ ᠶᠠᠪᠤᠴᠠ ᠳᠤ ᠬᠤᠪᠢᠷᠠᠵᠤ᠂ ᠶᠠᠪᠤᠴᠠ ᠶᠢᠨ ᠳᠤᠮᠳᠠ ᠰᠡᠳᠬᠢᠨ ᠪᠣᠳᠣᠯᠬᠢᠯᠠᠬᠤ ᠪᠠ ᠣᠶᠢᠯᠠᠭᠠᠬᠤ ᠰᠡᠳᠬᠢᠯ ᠤᠨ ᠶᠠᠪᠤᠴᠠ ᠶᠢ ᠪᠡᠶᠡᠴᠢᠯᠡᠨ ᠣᠶᠢᠯᠠᠭᠠᠵᠤ᠂ ᠲᠤᠬᠠᠢ ᠶᠢᠨ ᠲᠠᠯᠠᠪᠠᠶ ᠶᠢᠨ ᠪᠠᠭᠰᠢ ᠰᠤᠷᠤᠭᠴᠢᠳ ᠤᠨ ᠬᠦᠷᠢᠶᠡᠯᠡᠯ ᠢ ᠣᠯᠪᠠ᠃      ᠲᠤᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠰᠡᠳᠬᠢᠴᠡ ᠶᠢᠨ ᠵᠦᠴᠦᠭᠡ ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭᠠᠬᠤ ᠲᠠᠯ᠎ᠠ ᠪᠠᠷ ᠬᠢ ᠠᠪᠢᠶᠠᠰ ᠴᠢᠳᠠᠪᠤᠷᠢ ᠶᠢ ᠭᠦᠢᠴᠡᠳ ᠢᠯᠡᠷᠡᠭᠦᠯᠵᠦ᠂ ᠰᠤᠷᠤᠯᠭ᠎ᠠ᠂ ᠠᠮᠢ ᠨᠠᠰᠤ᠂ ᠦᠰᠦᠨ ᠪᠤᠶᠢᠵᠢᠯᠲᠠ ᠶᠢᠨ ᠲᠤᠬᠠᠢ ᠨᠢᠭᠡ ᠤᠳᠠᠭᠠᠨ ᠤ ᠭᠦᠨᠵᠡᠭᠡᠢ ᠪᠣᠳᠣᠯᠬᠢᠯᠠᠯ ᠢ ᠢᠯᠡᠷᠡᠭᠦᠯᠪᠡ᠃       ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠤᠭᠴᠢᠳ ᠤᠨ ᠭᠤᠣᠯ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠤᠢ ᠪᠣᠯᠭᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠢᠳᠡᠪᠬᠢᠲᠡᠢ ᠠᠬᠢᠭᠤᠯᠵᠤ᠂ ᠭᠡᠷ ᠪᠦᠯᠢ᠂ ᠨᠡᠶᠢᠭᠡᠮ ᠵᠡᠷᠭᠡ ᠡᠯ᠎ᠡ ᠲᠠᠯ᠎ᠠ ᠶᠢᠨ ᠬᠦᠴᠦᠨ ᠨᠠᠰᠤᠨ ᠳᠤ ᠦᠯᠦ ᠬᠦᠷᠦᠭᠰᠡᠳ ᠤᠨ ᠦᠰᠦᠨ ᠪᠣᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠨ᠎ᠡ᠃  ︵ᠰᠣᠷᠪᠤᠯᠵᠢᠯᠠᠬᠴᠢ ᠯᠢᠦᠢ ᠫᠢᠩ ᠫᠢᠩ  ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号