ᠦᠴᠦᠸᠠᠨ ᠰᠢᠶᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠶᠢᠷ᠎ᠠ ᠬᠠᠯᠠᠮᠵᠢ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ
ᠨᠡᠶᠢᠲᠡᠯᠡᠭᠰᠡᠨ ᠴᠠᠭ᠄
2024/5/30
     ᠣᠶᠢᠷ᠎ᠠ ᠶᠢᠨ ᠡᠳᠦᠷ᠂ ᠦᠴᠦᠸᠠᠨ ᠰᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠴᠠ ᠭᠤᠣᠯᠯᠠᠨ ᠡᠷᠬᠢᠯᠡᠭᠰᠡᠨ ︽ᠬᠠᠤᠯᠢ ᠪᠠᠷ ᠬᠠᠶᠢᠷᠠᠯᠠᠨ ᠬᠠᠮᠠᠭᠠᠯᠠᠬᠤ︾ — ︽ᠵᠢᠷᠭᠤᠭᠠᠨ ᠰᠠᠷ᠎ᠠ ᠶᠢᠨ ᠨᠢᠭᠡᠨ︾ ᠤ ᠣᠯᠠᠨ ᠤᠯᠤᠰ ᠤᠨ ᠬᠡᠦᠬᠡᠳ ᠤᠨ ᠪᠠᠶᠠᠷ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠬᠥᠬᠡᠬᠤᠲᠠ ᠶᠢᠨ ᠦᠴᠦᠸᠠᠨ ᠰᠢᠶᠠᠨ ᠤ ᠶᠡᠭᠡ ᠬᠠᠶᠢᠷ᠎ᠠ ᠬᠢᠵᠠᠭᠠᠷ ᠦᠭᠡᠢ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢᠨ ᠲᠠᠩᠬᠢᠮ ᠳᠤ ᠶᠠᠪᠤᠭᠳᠠᠵᠤ᠂ ᠠᠳᠡᠬᠢ ᠬᠡᠦᠬᠡᠳ ᠤᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠬᠦ ᠶᠢᠨ ᠬᠠᠮᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠢᠭᠡᠴᠢ ᠶᠢᠨ ᠠᠵᠢᠯᠲᠠᠳ ᠢ ᠵᠣᠬᠢᠶᠠᠨ ᠪᠠᠶᠢᠭᠤᠯᠵᠤ ᠬᠡᠦᠬᠡᠳ ᠤᠳ ᠲᠤ ᠠᠮᠤ ᠭᠤᠯᠢᠷ ᠲᠣᠰᠣ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠪᠡᠯᠡᠳᠬᠡᠭᠰᠡᠨ ᠪᠥᠭᠡᠳ ᠬᠠᠤᠯᠢ ᠶᠢᠨ ᠤᠬᠠᠭᠤᠯᠭ᠎ᠠ ᠬᠢᠪᠡ᠃ ᠬᠡᠦᠬᠡᠳ ᠤᠳ ᠢᠳᠡᠪᠬᠢᠲᠡᠢ ᠣᠷᠣᠯᠴᠠᠵᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠠᠰᠠᠭᠤᠯᠲᠠ ᠬᠠᠷᠢᠭᠤᠯᠲᠠ ᠶᠢᠨ ᠠᠷᠭ᠎ᠠ ᠬᠡᠯᠪᠡᠷᠢ ᠪᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠪᠡ᠃ ᠨᠢᠭᠡ ᠬᠤᠪᠢ ᠵᠢᠵᠢᠭ ᠪᠡᠯᠡᠭ ᠨᠢ ᠬᠡᠦᠬᠡᠳ ᠲᠤ ᠪᠠᠶᠠᠷ ᠤᠨ ᠡᠳᠦᠷ ᠤᠨ ᠪᠠᠶᠠᠷ ᠪᠠᠶᠠᠰᠤᠯ ᠢ ᠠᠪᠴᠢᠷᠠᠭᠰᠠᠨ ᠢᠶᠠᠷ ᠪᠠᠷᠠᠬᠤ ᠦᠭᠡᠢ ᠪᠠᠰᠠ ᠲᠡᠳᠡᠨ ᠤ ᠬᠠᠤᠯᠢ ᠴᠠᠭᠠᠵᠠ ᠶᠢᠨ ᠮᠡᠳᠡᠯᠭᠡ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠡᠢ᠃      ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭ᠎ᠠ᠂ ᠬᠥᠬᠡᠬᠤᠲᠠ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠴᠡᠯᠡᠭᠡᠷ ᠲᠠᠯ᠎ᠠ ᠶᠢᠨ ᠬᠠᠶᠢᠷ᠎ᠠ ᠬᠠᠯᠠᠮᠵᠢ ᠶᠢᠨ ᠡᠵᠢ ᠨᠠᠷ ᠬᠥᠬᠡᠬᠤᠲᠠ ᠶᠢᠨ ᠦᠴᠦᠸᠠᠨ ᠰᠢᠶᠠᠨ ᠤ ᠶᠡᠭᠡ ᠬᠠᠶᠢᠷ᠎ᠠ ᠬᠢᠵᠠᠭᠠᠷ ᠦᠭᠡᠢ ᠨᠡᠶᠢᠲᠡ ᠶᠢᠨ ᠠᠰᠠᠷᠠᠮᠵᠢ ᠶᠢᠨ ᠰᠤᠷᠭᠠᠭᠤᠯᠢ ᠳᠤ ᠬᠦᠷᠴᠦ᠂ ᠨᠢᠭᠡ ᠲᠧᠯᠸᠢᠰ ᠪᠠ ᠰᠡᠳᠬᠢᠯ ᠢ ᠳᠤᠯᠠᠭᠠᠴᠠᠬᠤ ᠲᠣᠮᠣ ᠪᠡᠯᠡᠭ ᠬᠦᠷᠭᠡᠵᠡᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠠᠭᠤᠯᠭ᠎ᠠ ᠪᠠᠶᠠᠯᠢᠭ ᠪᠠᠶᠢᠵᠤ᠂ ᠤᠯᠠᠨ ᠢᠶᠠᠷ ᠢᠶᠠᠨ ᠪᠠᠩᠰᠢ ᠪᠠᠷᠢᠵᠤ᠂ ᠨᠣᠭᠤᠭ᠎ᠠ ᠬᠢᠵᠦ᠂ ᠵᠢᠮᠢᠰ ᠠᠮᠲᠠᠯᠠᠵᠤ᠂ ᠪᠠᠶᠠᠷ ᠬᠦᠷ ᠢᠶᠠᠷ ᠪᠢᠯᠬᠠᠨ᠎ᠠ᠃      ᠦᠴᠦᠸᠠᠨ ᠰᠢᠶᠠᠨ ᠤ ᠶᠡᠭᠡ ᠬᠠᠶᠢᠷ᠎ᠠ ᠬᠢᠵᠠᠭᠠᠷ ᠦᠭᠡᠢ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠠᠴᠠ ︽ᠨᠢᠭᠡ ᠨᠠᠰᠤᠲᠠᠨ ᠨᠢᠭᠡ ᠪᠠᠭ᠎ᠠ︾ ᠶᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠣ᠂ ᠭᠠᠷᠠᠭ ᠤᠨ ᠵᠢᠷᠭᠤᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠡᠭᠦᠳᠦᠨ ᠪᠠᠶᠢᠭᠤᠯᠵᠤ᠂ ᠭᠠᠷᠠᠭ ᠤᠨ ᠵᠢᠷᠭᠤᠭᠠᠨ ᠤ ᠡᠳᠦᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ᠵᠢᠯᠤᠭᠤᠳᠴᠤ᠂ ᠰᠠᠶᠢᠨ ᠳᠤᠷ᠎ᠠ ᠶᠢᠨ ᠪᠠᠭᠰᠢ ᠠᠴᠠ ᠡᠳᠡᠭᠡᠷ ᠬᠡᠦᠬᠡᠳ ᠤᠳ ᠲᠤ ᠳᠠᠰᠬᠠᠯ ᠤᠨ ᠬᠠᠪᠰᠤᠷᠤᠨ ᠵᠢᠯᠣᠭᠤᠳᠤᠯᠭ᠎ᠠ᠂ ᠦᠵᠡᠯ ᠰᠠᠨᠠᠭᠠᠨ ᠤ ᠵᠢᠯᠣᠭᠤᠳᠤᠯᠭ᠎ᠠ᠂ ᠰᠡᠳᠬᠢᠴᠡ ᠶᠢᠨ ᠵᠢᠯᠣᠭᠤᠳᠤᠯᠭ᠎ᠠ᠂ ᠬᠠᠶᠢᠷ᠎ᠠ ᠰᠡᠳᠬᠢᠯᠭᠡ ᠶᠢᠨ ᠰᠤᠪᠢᠯᠠᠯᠲᠠ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠰᠣᠶᠣᠯ ᠤᠷᠠᠯᠢᠭ᠂ ᠬᠥᠭᠵᠢᠮ ᠤᠷᠠᠨ ᠪᠢᠴᠢᠯᠭᠡ ᠤᠷᠠᠨ ᠵᠢᠷᠤᠭ᠂ ᠤᠯᠤᠰ ᠤᠨ ᠰᠤᠷᠬᠤᠢ ᠶᠢᠨ ᠲᠠᠯ᠎ᠠ ᠶᠢᠨ ᠰᠤᠷᠭᠠᠨ ᠬᠥᠮᠦᠵᠢᠯ ᠵᠡᠷᠭᠡ ᠶᠢ ᠬᠢᠵᠦ᠂ ᠤᠳᠤ ᠨᠢᠭᠡᠨᠲᠡ 300 ᠰᠢᠬᠠᠮ ᠬᠤᠭᠤᠴᠠᠭ᠎ᠠ ᠶᠠᠪᠤᠭᠳᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ 7600 ᠭᠠᠷᠤᠢ ᠬᠥᠮᠥᠨ ᠤᠳᠠᠭ᠎ᠠ ᠬᠠᠪᠰᠤᠷᠤᠨ ᠲᠡᠳᠬᠦᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号