ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/30
     5 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ 2024 ᠣᠨ ᠤ 1 - 5 ᠰᠠᠷ᠎ᠠ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠣᠭᠤᠷᠢᠨ ᠳᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠭ᠎ᠠ ᠵᠠᠮ ᠢ ᠡᠷᠢᠵᠦ᠂ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠲᠣᠭᠲᠠᠭᠠᠵᠤ᠂ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ ᠲᠣᠳᠣᠷᠬᠠᠶᠢᠯᠠᠵᠤ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠮᠥᠷᠳᠡᠨ ᠡᠵᠡᠮᠰᠢᠵᠦ᠂ ᠣᠲᠣ ᠶᠢᠨ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠵᠦ᠂ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠣᠶᠢᠷ᠎ᠠ ᠶᠢᠨ ᠬᠤᠭᠤᠴᠠᠭᠠᠨ ᠤ ᠠᠵᠤ ᠦᠢᠯᠡᠳᠪᠦᠷᠢ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠥᠮᠥᠷᠭᠡ ᠳᠤ ᠣᠷᠣᠭᠤᠯᠵᠤ᠂ ᠡᠷᠲᠡ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ 2024 ᠣᠨ ᠤ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠵᠢᠴᠢ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠥᠷᠥᠯ ᠵᠦᠢᠯ ᠢ ᠲᠣᠬᠢᠷᠠᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠡᠯ᠎ᠡ ᠲᠥᠷᠥᠯ ᠵᠦᠢᠯ ᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠬᠠᠪᠰᠤᠷᠤᠨ ᠲᠡᠳᠬᠦᠬᠦ ᠲᠥᠷᠥᠯ ᠵᠦᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠪᠰᠤᠷᠤᠨ ᠲᠡᠳᠬᠦᠬᠦ ᠲᠥᠷᠥᠯ ᠵᠦᠢᠯ ᠢ 6 ᠰᠠᠷ᠎ᠠ ᠶᠢᠨ ᠰᠡᠭᠦᠯᠴᠢ ᠪᠠᠷ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠵᠢᠯ ᠤᠨ ᠳᠣᠲᠣᠷ᠎ᠠ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭ ᠣᠷᠣᠯᠭ᠎ᠠ ᠣᠯᠬᠤ ᠪᠠᠷ ᠴᠢᠷᠮᠠᠶᠢᠬᠤ ᠬᠡᠷᠡᠭᠲᠡᠢ᠃ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ ᠬᠠᠪᠰᠤᠷᠤᠨ ᠲᠡᠳᠬᠦᠬᠦ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠪᠡᠯᠡ ᠮᠥᠩᠭᠦ ᠶᠢᠨ ᠲᠥᠰᠥᠪ ᠪᠣᠯᠣᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠵᠢᠴᠢ ᠡᠴᠦᠰ ᠤᠨ ᠲᠥᠰᠥᠪ ᠤᠨ ᠭᠦᠢᠴᠡᠳᠬᠡᠯ ᠪᠣᠯᠣᠨ ᠬᠢᠨᠠᠨ ᠲᠣᠭᠲᠠᠭᠠᠬᠤ ᠶᠢ ᠲᠦᠷᠭᠡᠳᠬᠡᠵᠦ᠂ ᠠᠬᠢᠴᠠ ᠶᠢ ᠲᠦᠷᠭᠡᠳᠬᠡᠵᠦ᠂ ᠬᠠᠪᠰᠤᠷᠤᠨ ᠲᠡᠳᠬᠦᠬᠦ ᠪᠡᠯᠡ ᠮᠥᠩᠭᠦ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号