ᠶᠠᠩ ᠰᠢᠩ ᠱᠧᠩ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠪᠣᠯᠣᠨ ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/30
     ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠪᠣᠯᠣᠨ ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠲᠤ ᠭᠦᠨᠵᠡᠭᠡᠶᠢᠷᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ᠃      ᠲᠤᠰᠬᠠᠢ ᠰᠡᠳᠦᠪᠲᠦ ᠬᠤᠷᠠᠯ ᠳᠡᠭᠡᠷ᠎ᠡ᠂ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠤᠳᠤᠷᠢᠳᠤᠯᠭ᠎ᠠ ᠠᠴᠠ ᠬᠤᠯᠪᠣᠭᠳᠠᠯ ᠪᠦᠬᠦᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠃ ᠶᠠᠩ ᠰᠢᠩ ᠱᠧᠩ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠤᠳᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠵᠢ ᠪᠦᠷᠢᠳᠦᠭᠦᠯᠬᠦ ᠶᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠣᠷᠣᠨ ᠤ ᠲᠥᠪ ᠬᠤᠲᠠ ᠶᠢᠨ ︽ᠲᠠᠪᠤᠨ ᠲᠣᠬᠢᠷᠠᠮᠵᠢᠲᠠᠢ︾ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠬᠤᠳᠠ ᠪᠠᠯᠭᠠᠰᠤᠨ ᠤ ᠴᠢᠳᠠᠪᠬᠢ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠳᠦᠷᠰᠦ ᠪᠠᠶᠢᠳᠠᠯ ᠢ ᠰᠢᠨᠡᠳᠬᠡᠵᠦ᠂ ᠬᠤᠳᠠ ᠪᠠᠯᠭᠠᠰᠤᠨ ᠤ ᠴᠢᠳᠠᠪᠤᠷᠢ ᠶᠢᠨ ᠳᠡᠰ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠬᠤᠳᠠ ᠪᠠᠯᠭᠠᠰᠤᠨ ᠤ ᠰᠠᠭᠤᠷᠢ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠰᠢᠰᠲ᠋ᠧᠮᠲᠦ ᠴᠢᠨᠠᠷ ᠢ ᠴᠢᠬᠤᠯᠠᠴᠢᠯᠠᠵᠤ᠂ ᠴᠢᠳᠠᠮᠵᠢᠲᠤ ᠴᠢᠨᠠᠷ ᠢ ᠴᠢᠬᠤᠯᠠᠴᠢᠯᠠᠵᠤ᠂ ᠦᠷᠭᠦᠯᠵᠢᠯᠡᠬᠦ ᠴᠢᠨᠠᠷ ᠢ ᠪᠠᠲᠤᠯᠠᠵᠤ᠂ ᠭᠤᠣᠯ ᠬᠤᠳᠠ ᠶᠢᠨ ᠲᠣᠭᠤᠷᠢᠭ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠬᠦ ᠲᠠᠯ᠎ᠠ ᠶᠢᠨ ᠳᠡᠭᠡᠭᠰᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢ ᠨᠡᠩ ᠲᠡᠭᠦᠯᠳᠡᠷ᠂ ᠠᠮᠢ ᠠᠬᠤᠢ ᠣᠷᠴᠢᠨ ᠲᠣᠭᠤᠷᠢᠨ ᠢ ᠨᠡᠩ ᠭᠤᠶᠢᠳᠠ ᠰᠠᠶᠢᠬᠠᠨ᠂ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠪᠦᠷᠢᠨ ᠲᠡᠭᠦᠯᠳᠡᠷ᠂ ᠠᠷᠠᠳ ᠤᠯᠠᠨ ᠤ ᠨᠡᠩ ᠬᠠᠨᠤᠮᠵᠢᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠪᠠᠯᠭᠠᠰᠤ ᠶᠢ ᠬᠦᠴᠦᠯᠡᠨ ᠪᠠᠶᠢᠭᠤᠯᠬᠤ ᠬᠡᠷᠡᠭᠲᠡᠢ᠃ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠪᠠ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ︽ᠳᠤᠯᠠᠭᠠᠯᠠᠬᠤ ᠢᠨᠵᠧᠨᠧᠷᠢᠩ︾ ᠤᠨ ᠪᠠᠷᠢᠯᠭ᠎ᠠ ᠶᠢᠨ ᠠᠬᠢᠴᠠ ᠪᠠ ᠶᠠᠰᠤ ᠴᠢᠨᠠᠷ ᠢ ᠴᠢᠩᠭ᠎ᠠ ᠠᠩᠬᠠᠷᠴᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠠᠵᠢᠯ ᠤᠨ ᠬᠤᠭᠤᠴᠠᠭ᠎ᠠ ᠶᠢ ᠵᠠᠪᠳᠤᠨ ᠠᠳᠬᠤᠵᠤ᠂ ᠢᠨᠵᠧᠨᠧᠷᠢᠩ ᠤᠨ ᠬᠡᠷᠡᠭᠵᠢᠭᠦᠯᠦᠯᠲᠡ ᠶᠢ ᠠᠮᠤᠷ ᠲᠦᠪᠰᠢᠨ ᠥᠨᠳᠥᠷ ᠪᠦᠲᠦᠮᠵᠢᠲᠡᠶ ᠵᠣᠬᠢᠶᠠᠨ ᠪᠠᠶᠢᠭᠤᠯᠵᠤ᠂ ᠲᠣᠭᠲᠠᠭᠰᠠᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠢ ᠳᠠᠬᠢᠨ ᠪᠠᠶᠢᠭᠤᠯᠬᠤ ᠶᠢ ᠴᠢᠩᠭ᠎ᠠ ᠠᠩᠬᠠᠷᠴᠤ᠂ ᠠᠯᠤᠰ ᠬᠡᠲᠦ ᠶᠢ ᠪᠣᠳᠣᠯᠬᠢᠯᠠᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠢᠵᠢ ᠪᠦᠷᠢᠳᠦᠭᠦᠯᠬᠦ ᠶᠢ ᠤᠷᠢᠳᠴᠢᠯᠠᠨ ᠲᠥᠯᠥᠪᠵᠢᠭᠦᠯᠵᠦ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠠᠯᠬᠤᠮ ᠠᠯᠬᠤᠮ ᠢᠶᠠᠷ ᠡᠮᠬᠢ ᠵᠢᠷᠤᠮ ᠲᠠᠢ ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠬᠠᠲᠠᠭᠤ ᠲᠤᠨᠤᠭ ᠤᠨ ᠳᠤᠲᠠᠭᠤᠳᠠᠯ ᠢ ᠬᠦᠴᠦᠯᠡᠨ ᠨᠥᠬᠦᠪᠦᠷᠢᠯᠡᠬᠦ ᠬᠡᠷᠡᠭᠲᠡᠢ ᠭᠡᠵᠠᠢ᠃  ︵ᠰᠤᠷᠪᠤᠯᠵᠢᠯᠠᠭᠴᠢ᠄ ᠵᠧᠦ ᠶᠠᠨ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号