ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 134 ᠳ᠋ᠦ᠋ᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/30
       5 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 134 ᠳ᠋ᠦ᠋ᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠢᠭᠠᠪᠤᠷᠢ᠂ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠮᠠᠨ ᠤ ᠰᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃        ᠬᠤᠷᠠᠯ ᠠᠴᠠ ᠮᠠᠨ ᠤ ᠰᠢᠶᠠᠨ ᠤ 2024 ᠣᠨ ᠤ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠴᠦᠸᠠᠨ ᠰᠢᠶᠠᠨ ᠤ 2024 ᠣᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ︿ᠭᠤᠷᠪᠠ ᠶᠢ ᠢᠯᠭᠠᠷᠠᠭᠤᠯᠤᠨ ᠨᠢᠭᠡ ᠶᠢ ᠥᠭᠡᠷᠡᠴᠢᠯᠡᠬᠦ᠂ ᠭᠤᠷᠪᠠ ᠶᠢ ᠰᠠᠶᠢᠵᠢᠷᠠᠭᠤᠯᠤᠨ ᠨᠢᠭᠡ ᠶᠢ ᠠᠬᠢᠭᠤᠯᠬᠤ᠂ ᠭᠤᠷᠪᠠ ᠶᠢ ᠳᠡᠭᠡᠭᠰᠢᠯᠡᠭᠦᠯᠦᠨ ᠨᠢᠭᠡ ᠶᠢ ᠤᠬᠠᠭᠤᠯᠬᠤ﹀ ᠲᠤᠰᠬᠠᠢ ᠠᠵᠢᠯᠯᠠᠭ᠎ᠠ ᠶᠢᠨ ᠲᠥᠰᠥᠯ︾ ᠢ ᠬᠢᠨᠠᠨ ᠵᠥᠪᠯᠡᠪᠡ︔ ᠨᠡᠶᠢᠭᠡᠮ ᠤᠨ ᠠᠵᠢᠯ ᠤᠨ ᠬᠡᠯᠲᠡᠰ ᠤᠨ ᠣᠶᠢᠷ᠎ᠠ ᠶᠢᠨ ᠬᠤᠭᠤᠴᠠᠭᠠᠨ ᠤ ᠠᠵᠢᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠮᠠᠨ ᠤ ᠰᠢᠶᠠᠨ ᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠬᠥᠳᠡᠭᠡ ᠠᠵᠤ ᠠᠬᠤᠢ ᠶᠢ ᠴᠢᠬᠤᠯᠠᠴᠢᠯᠠᠵᠤ ᠦᠨᠳᠦᠰᠦ ᠶᠢ ᠪᠠᠬᠢᠵᠢᠭᠦᠯᠬᠦ ᠪᠣᠯ ᠠᠷᠠᠳ ᠢ ᠠᠮᠤᠷᠵᠢᠭᠤᠯᠬᠤ ᠶᠢᠨ ᠰᠠᠭᠤᠷᠢ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠣᠷᠣᠨ ᠬᠤᠲᠠ ᠶᠢᠨ ᠱᠠᠭᠠᠷᠳᠠᠯᠭ᠎ᠠ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠠᠮᠢ ᠠᠬᠤᠢ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠪᠠ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢᠯᠡᠭᠦᠯᠬᠦ᠂ ᠬᠤᠷᠢᠭ᠎ᠠ ᠱᠤᠭᠤᠮ ᠢ ᠲᠣᠳᠣᠷᠬᠠᠶᠢᠯᠠᠬᠤ᠂ ᠪᠢᠰᠢᠷᠡᠨ ᠵᠢᠷᠦᠬᠡᠰᠢᠶᠡᠬᠦ ᠶᠢ ᠮᠡᠳᠡᠷᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠠᠮ ᠤᠨ ᠭᠡᠰᠢᠭᠦᠨ ᠤ ᠰᠤᠷᠤᠯᠴᠠᠯᠭ᠎ᠠ ᠡᠩᠨᠡᠭᠡ ᠠᠴᠠ ᠪᠠᠨ ᠬᠤᠴᠣᠷᠬᠤ ᠦᠭᠡᠢ ᠪᠠᠶᠢᠬᠤ ᠶᠢ ᠪᠠᠲᠤᠯᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠡᠯ᠎ᠡ ᠵᠦᠢᠯ ᠤᠨ ᠠᠵᠢᠯ ᠤᠨ ᠦᠨᠡᠨ ᠪᠣᠳᠠᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠲᠠᠢ ᠤᠶᠠᠯᠳᠤᠭᠤᠯᠤᠨ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ︽ᠪᠠᠷᠢᠮᠵᠢᠶ᠎ᠠ ᠳᠤ ᠬᠦᠷᠬᠦ ᠦᠭᠡᠢ ᠪᠣᠯ ᠠᠵᠢᠯ ᠢᠶᠠᠨ ᠶᠠᠭᠠᠬᠢᠭᠰᠠᠨ ᠴᠤ ᠵᠣᠭᠰᠣᠭᠠᠬᠤ ᠦᠭᠡᠢ︾ ᠣᠪᠣᠷ ᠪᠠ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠪᠠᠷ ᠴᠡᠭᠴᠡᠯᠡᠨ ᠰᠠᠶᠢᠵᠢᠷᠠᠭᠤᠯᠬᠤ ᠶᠢ ᠨᠢᠭᠡ ᠨᠢᠭᠡ ᠵᠦᠢᠯ ᠢᠶᠠᠷ ᠠᠳᠬᠤᠵᠤ᠂ ᠦᠨᠡᠨ ᠰᠠᠶᠢᠵᠢᠷᠠᠭᠤᠯᠵᠤ᠂ ᠪᠣᠳᠠᠲᠠᠢ ᠰᠠᠶᠢᠵᠢᠷᠠᠭᠤᠯᠵᠤ᠂ ᠲᠤᠶᠢᠯᠪᠤᠷᠢᠲᠠᠢ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠤᠷᠪᠤᠯᠵᠢᠯᠠᠭᠴᠢ᠄ ᠶᠢᠨ ᠫᠢᠩ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号