ᠦᠴᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠠᠤᠯᠢ ᠴᠠᠭᠠᠵᠠ ᠶᠢᠨ ᠲᠣᠪᠴᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠨ | ᠬᠥᠬᠡ ᠡᠷᠭᠢ ᠪᠠᠯᠭᠠᠰᠤᠨ ᠤ ᠹᠦ᠋ ᠷᠦ᠋ ᠳ᠋ᠦᠩ ᠲᠣᠰᠬᠤᠨ ᠳᠤ 2024 ᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠢ | ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠨᠢ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠥᠯᠢᠵᠢᠯ ᠤᠨ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠳᠤ ᠨᠠᠮ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠮᠡᠳᠡᠯᠭᠡ ᠶᠢ | ᠲᠠᠶᠢᠯᠪᠤᠷᠢᠯᠠᠨ ᠥᠭᠴᠦ᠂ ᠣᠯᠠᠨ ᠢᠶᠠᠷ ᠢᠶᠠᠨ ᠰᠣᠨᠣᠰᠴᠤ ᠣᠶᠢᠯᠠᠭᠠᠵᠤ ᠳᠡᠶᠢᠯᠬᠦ᠂ ᠰᠣᠨᠣᠰᠬᠤ ᠳᠤᠷᠠᠲᠠᠢ ᠬᠡᠯᠪᠡᠷᠢ ᠪᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠲᠠᠷᠢᠬᠢᠨ ᠳᠤᠨᠢ | ᠬᠠᠳᠠᠩᠰᠢᠭᠤᠯᠬᠤ ᠶᠢ ᠲᠦᠯᠬᠢᠨ ᠠᠬᠢᠭᠤᠯᠪᠠ᠃ ᠲᠤᠬᠠᠢ ᠶᠢᠨ ᠲᠠᠯᠠᠪᠤᠷ ᠲᠤ ᠬᠠᠶᠢᠷ᠎ᠠ ᠬᠠᠯᠠᠮᠵᠢ ᠶᠢᠨ ᠠᠯᠪᠠᠨ | ᠵᠢᠷᠤᠮ ᠤᠨ ᠡᠮᠴᠢᠯᠡᠭᠡ ᠬᠢᠬᠦ ᠶᠢ ᠵᠡᠷᠭᠡ ᠪᠠᠷ ᠥᠷᠨᠢᠭᠦᠯᠵᠦ᠂ ᠨᠢᠭᠤᠷᠳᠠᠬᠤ᠂ ᠥᠴᠥᠬᠡᠨ ᠴᠦ ᠵᠠᠢ ᠦᠭᠡᠢ ᠦᠢᠯᠡᠴᠢᠯᠡᠭᠡ | ᠨᠡᠪᠲᠡᠷᠡᠯᠴᠡᠬᠦ ᠪᠠᠷ ᠳᠠᠮᠵᠢᠭᠤᠯᠤᠨ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠶᠢ ᠪᠣᠳᠠᠲᠠᠢ ᠳᠤ | ᠨᠠᠶᠢᠳᠠᠪᠤᠷᠢᠵᠢᠭᠤᠯᠪᠠ᠃ | ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠡᠨᠡ ᠬᠦ ᠭᠤᠣᠯ ᠰᠢᠵᠢᠮ ᠤᠨ ᠲᠣᠭᠤᠷᠢᠨ ᠳᠤ᠂ 2024 | ᠣᠨ ᠤ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ | ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯ ᠢ ᠦᠨᠡᠨᠬᠦ ᠨᠠᠷᠢᠨ ᠪᠣᠳᠠᠲᠠᠢ ᠬᠢᠵᠦ᠂ ᠡᠯᠪᠡᠭ ᠪᠠᠶᠠᠯᠢᠭ | ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠯᠡ ᠲᠣᠳᠣ ᠪᠦᠲᠦᠮᠵᠢᠲᠡᠢ ᠥᠷᠨᠢᠭᠦᠯᠵᠦ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ ᠴᠠᠭ | ᠢᠮᠠᠭᠲᠠ ᠨᠠᠮ ᠤᠨ ᠠᠴᠢ ᠳᠤ ᠲᠠᠯᠠᠷᠬᠠᠬᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠬᠤ᠂ ᠡᠷᠡᠰ | ᠭᠤᠶᠢᠪᠢᠰᠢ ᠦᠭᠡᠢ ᠪᠠᠷ ᠨᠠᠮ ᠢᠶᠠᠨ ᠲᠠᠭᠠᠬᠤ ᠶᠢ ᠬᠥᠲᠥᠯᠥᠨ ᠵᠢᠯᠤᠭᠤᠳᠴᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠰᠤᠷᠪᠤᠯᠵᠢᠯᠠᠭᠴᠢ᠄ ᠯᠢᠦ ᠪᠠᠢ ᠢᠦᠢ ᠶᠠᠩ ᠵᠢᠶᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |