ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠭᠤᠣᠯ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/5/31
     5 ᠰᠠᠷ᠎ᠠ ᠶᠢᠨ 30 ᠤ ᠡᠳᠦᠷ᠂ ︽ᠰᠤᠳᠤᠯᠤᠨ ᠰᠡᠳᠬᠢᠵᠦ ᠢᠲᠡᠭᠡᠯ ᠵᠣᠷᠢᠭ ᠢᠶᠠᠨ ᠬᠥᠪᠴᠢᠯᠡᠨ᠎ᠡ︾ ᠭᠡᠬᠦ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠠᠩᠭ᠍ᠯᠢ ᠬᠡᠯᠡ᠂ ᠶᠣᠰᠣ ᠰᠤᠷᠲᠠᠬᠤᠨ ᠬᠢᠭᠡᠳ ᠬᠠᠤᠯᠢᠵᠢᠯ ᠤᠨ ᠨᠢᠭᠡᠴᠢ ᠶᠢᠨ ᠭᠤᠣᠯ ᠬᠢᠴᠢᠶᠡᠯ ᠤᠨ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠬᠤᠷᠠᠯ ᠮᠠᠨ ᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠣᠨᠴᠠ ᠲᠠᠰ ᠤᠨ ᠪᠠᠭᠰᠢ ᠯᠢᠨ ᠫᠢᠩ᠂ ᠳᠤᠮᠳᠠᠳᠤ ᠰᠤᠷᠭᠠᠭᠤᠯᠢ ᠶᠢᠨ ᠳᠡᠭᠡᠳᠦ ᠵᠡᠷᠭᠡ ᠶᠢᠨ ᠪᠠᠭᠰᠢ ᠯᠢᠦ ᠷᠦᠨ ᠽᠧ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠳᠤᠯᠬᠤ ᠬᠠᠷᠢᠭᠤᠴᠠᠯᠭᠠᠲᠠᠨ᠂ ᠰᠢᠨᠵᠢᠯᠡᠭᠡᠨ ᠤ ᠰᠠᠯᠠᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ᠂ ᠦᠴᠦᠸᠠᠨ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠪ ᠤᠨ ᠬᠠᠷᠢᠭᠤᠴᠠᠯᠭᠠᠲᠠᠨ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠴᠢᠩ ᠱᠦᠢ ᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠵᠢᠴᠢ ᠦᠴᠦᠸᠠᠨ ᠰᠢᠶᠠᠨ ᠤ ᠡᠯ᠎ᠡ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠦᠴᠦᠸᠠᠨ ᠰᠢᠶᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠣᠮᠢᠯᠠᠨ ᠰᠠᠭᠤᠯᠭᠠᠭᠰᠠᠨ ᠰᠤᠷᠭᠠᠭᠤᠯᠢ ᠶᠢᠨ ᠵᠠᠬᠢᠷᠤᠯ ᠠᠵᠢᠯᠯᠠᠭ᠎ᠠ ᠳᠤ ᠣᠷᠣᠯᠴᠠᠪᠠ᠃
     ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ ᠬᠤᠶᠠᠷ ᠡᠳᠦᠷ ᠶᠠᠪᠤᠭᠳᠠᠵᠤ᠂ ︽ᠬᠢᠴᠢᠶᠡᠯ ᠤᠨ ᠲᠠᠩᠬᠢᠮ ᠤᠨ ᠵᠢᠱᠢᠶ᠎ᠡ ᠦᠵᠡᠭᠦᠯᠬᠦ + ᠲᠤᠰᠬᠠᠢ ᠮᠡᠷᠭᠡᠵᠢᠯᠲᠡᠨ ᠤ ᠦᠨᠡᠯᠡᠯᠲᠡ︾ ᠶᠢᠨ ᠠᠷᠭ᠎ᠠ ᠬᠡᠯᠪᠡᠷᠢ ᠪᠠᠷ ᠳᠤᠭᠤᠶᠢᠯᠠᠩ ᠬᠤᠪᠢᠶᠠᠨ ᠵᠡᠷᠭᠡᠪᠡᠷ ᠶᠠᠪᠤᠭᠳᠠᠵᠤ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠪᠣᠯ ᠮᠠᠨ ᠤ ᠰᠢᠶᠠᠨ ᠤ ᠪᠠᠭᠰᠢ ᠨᠠᠷ ᠨᠡᠶᠢᠰᠯᠡᠯ ᠤᠨ ᠲᠤᠰᠬᠠᠢ ᠮᠡᠷᠭᠡᠵᠢᠯᠲᠡᠨ ᠲᠠᠢ ᠰᠣᠯᠢᠯᠴᠠᠨ ᠰᠤᠷᠤᠯᠴᠠᠬᠤ᠂ ᠰᠤᠳᠤᠯᠤᠨ ᠶᠠᠷᠢᠯᠴᠠᠬᠤ ᠲᠠᠪᠴᠠᠩ ᠪᠠ ᠠᠵᠠ ᠲᠣᠬᠢᠶᠠᠯ ᠢ ᠭᠦᠢᠴᠡᠳ ᠬᠥᠭᠵᠢᠭᠡᠵᠦ᠂ ᠮᠠᠨ ᠤ ᠰᠢᠶᠠᠨ ᠤ ᠪᠠᠭᠰᠢ ᠶᠢᠨ ᠨᠡᠩ ᠤᠯᠠᠨ ᠵᠢᠭᠠᠨ ᠰᠤᠷᠭᠠᠯᠲᠠ ᠶᠢᠨ ᠤᠶᠤᠨ ᠤᠬᠠᠭᠠᠨ ᠪᠠ ᠠᠪᠢᠶᠠᠰ ᠴᠢᠳᠠᠪᠤᠷᠢ ᠶᠢ ᠭᠦᠢᠴᠡᠳ ᠬᠥᠭᠵᠢᠭᠡᠵᠦ᠂ ᠰᠤᠷᠤᠭᠴᠢᠳ ᠤᠨ ᠦᠰᠦᠨ ᠪᠤᠶᠢᠵᠢᠯᠲᠠ ᠪᠠ ᠬᠥᠭᠵᠢᠯᠲᠡ ᠳᠤ ᠨᠡᠩ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠬᠠᠩᠭᠠᠵᠤ᠂ ᠲᠤᠰ ᠤᠳᠠᠭ᠎ᠠ ᠶᠢᠨ ᠵᠢᠭᠠᠨ ᠰᠤᠳᠤᠯᠬᠤ ᠠᠵᠢᠯᠯᠠᠭ᠎ᠠ ᠪᠠᠷ ᠳᠠᠮᠵᠢᠭᠤᠯᠤᠨ ᠮᠠᠨ ᠤ ᠰᠢᠶᠠᠨ ᠤ ᠪᠠᠭᠰᠢ ᠶᠢᠨ ᠲᠤᠰᠬᠠᠶᠢᠵᠢᠭᠰᠠᠨ ᠦᠰᠦᠨ ᠪᠤᠶᠢᠵᠢᠯᠲᠠ ᠳᠤ ᠨᠡᠩ ᠰᠠᠶᠢᠨ ᠬᠦᠴᠦᠨ ᠨᠡᠮᠡᠷᠢᠯᠡᠵᠦ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号