ᠮᠠᠨ ᠤ ᠤᠯᠤᠰ ᠤᠨ ᠠᠩᠬᠠᠳᠠᠭᠴᠢ ᠴᠠᠭᠠᠨ ᠢᠳᠡᠭᠡᠨ ᠤ ᠦᠢᠯᠡᠰ ᠤᠨ ᠪᠥᠭᠡᠮ ᠲᠠᠸᠠᠷ ᠤᠨ ᠪᠡᠯᠡᠨ ᠪᠠᠷᠠᠭ᠎ᠠ ᠶᠢᠨ ᠠᠷᠠᠯᠵᠢᠶᠠᠨ ᠤ ᠲᠠᠪᠴᠠᠩ ᠭᠦᠭᠡᠬᠤᠳᠠ ᠳᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/5/31
     ᠮᠠᠨ ᠤ ᠤᠯᠤᠰ ᠤᠨ ᠠᠩᠬᠠᠳᠠᠭᠴᠢ ᠴᠠᠭᠠᠨ ᠢᠳᠡᠭᠡᠨ ᠤ ᠦᠢᠯᠡᠰ ᠤᠨ ᠪᠥᠭᠡᠮ ᠲᠠᠸᠠᠷ ᠤᠨ ᠪᠡᠯᠡᠨ ᠪᠠᠷᠠᠭ᠎ᠠ  ᠶᠢᠨ ᠠᠷᠠᠯᠵᠢᠶᠠᠨ ᠤ ᠲᠠᠪᠴᠠᠩ - ᠥᠪᠥᠷ ᠮᠣᠩᠭᠤᠯ ᠤᠨ ᠴᠢᠩ ᠴᠧᠩ ᠴᠠᠭᠠᠨ ᠢᠳᠡᠭᠡᠨ ᠤ ᠦᠢᠯᠡᠰ ᠤᠨ ᠠᠷᠠᠯᠵᠢᠶᠠᠨ ᠤ ᠲᠥᠪ ᠲᠦᠷᠦᠭᠦᠬᠡᠨ ᠭᠦᠭᠡᠬᠤᠲᠠ ᠳᠤ ᠬᠤᠳᠠᠯᠳᠤᠭ᠎ᠠ ᠨᠡᠭᠡᠭᠡᠵᠦ ᠠᠰᠢᠭᠯᠠᠯᠲᠠ ᠳᠤ ᠣᠷᠣᠪᠠ᠃      ᠥᠪᠥᠷ ᠮᠣᠩᠭᠤᠯ ᠤᠨ ᠴᠢᠩ ᠴᠧᠩ ᠴᠠᠭᠠᠨ ᠢᠳᠡᠭᠡᠨ ᠤ ᠦᠢᠯᠡᠰ ᠤᠨ ᠠᠷᠠᠯᠵᠢᠶᠠᠨ ᠤ ᠲᠥᠪ ᠢ ᠥᠪᠥᠷ ᠮᠣᠩᠭᠤᠯ ᠤᠨ ᠴᠢᠩ ᠴᠧᠩ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠤᠮᠫᠠᠨᠢ  ᠠᠴᠠ ᠭᠤᠣᠯ ᠡᠭᠦᠰᠬᠡᠨ ᠪᠠᠶᠢᠭᠤᠯᠵᠤ᠂ ᠥᠪᠥᠷ ᠮᠣᠩᠭᠤᠯ ᠤᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ᠂ ᠢᠯᠢ᠂ ᠮᠧᠩ ᠨᠢᠦ᠂ ᠶᠢᠦ ᠷᠠᠨ ᠮᠠᠯ ᠠᠵᠤ ᠠᠬᠤᠢ᠂ ᠰᠢᠶᠠᠨ ᠳ᠋ᠠᠢ ᠮᠠᠯ ᠠᠵᠤ ᠠᠬᠤᠢ ᠵᠡᠷᠭᠡ ᠠᠵᠢᠯ ᠲᠥᠷᠥᠯ ᠤᠨ ᠳᠠᠭᠠᠭᠤᠯᠤᠭᠴᠢ ᠯᠤᠭ᠎ᠠ ᠬᠠᠮᠲᠤᠷᠠᠨ ᠡᠭᠦᠰᠬᠡᠨ ᠪᠠᠶᠢᠭᠤᠯᠪᠠ᠃ ᠳᠤᠰ ᠲᠠᠪᠴᠠᠩ ᠨᠢ ᠭᠤᠣᠯᠳᠠᠭᠤ ᠲᠡᠵᠢᠭᠡᠯ ᠡᠪᠡᠰᠦ᠂ ᠲᠡᠵᠢᠭᠡᠯ ᠪᠣᠷᠳᠤᠭ᠎ᠠ᠂ ᠠᠮᠢᠳᠤ ᠦᠬᠡᠷ᠂ ᠲᠦᠭᠦᠬᠡᠢ ᠰᠦ᠂ ᠲᠦᠭᠦᠬᠡᠢ ᠰᠦᠨ ᠲᠠᠯᠬ᠎ᠠ᠂ ᠪᠢᠰᠢᠯᠠᠭ ᠵᠡᠷᠭᠡ ᠴᠠᠭᠠᠨ ᠢᠳᠡᠭᠡᠨ ᠤ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠪᠦᠭᠦ ᠠᠵᠤ ᠦᠢᠯᠡᠰ  ᠤᠨ ᠬᠡᠯᠬᠢᠶ᠎ᠡ ᠶᠢ ᠬᠠᠮᠤᠷᠤᠭᠰᠠᠨ ᠠᠷᠠᠯᠵᠢᠶᠠᠨ ᠤ ᠲᠥᠷᠥᠯ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ︽ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ︾᠂ ︽ᠲᠠᠯᠠᠪᠤᠷ ᠤᠨ ᠳᠣᠲᠣᠨᠠᠬᠢ ᠪᠠ ᠭᠠᠳᠠᠨᠠᠬᠢ︾᠂ ︽ᠡᠳ᠋ ᠬᠥᠷᠥᠩᠭᠡ ᠪᠠ ᠲᠤᠭ᠎ᠠ ᠪᠠᠷᠢᠮᠲᠠ︾᠂ ︽ᠬᠢᠯᠢ ᠶᠢᠨ ᠳᠣᠲᠣᠨᠠᠬᠢ ᠪᠠ ᠭᠠᠳᠠᠨᠠᠬᠢ︾ ᠭᠡᠬᠦ ᠳᠥᠷᠪᠡᠨ ᠲᠥᠷᠥᠯ ᠤᠨ ᠲᠣᠭᠤᠷᠢᠨ ᠳᠤ ᠮᠢᠩᠭᠠᠨ ᠳ᠋ᠦᠩᠰᠢᠭᠤᠷ ᠤᠨ ᠳᠡᠰ ᠤᠨ ᠠᠷᠠᠯᠵᠢᠶᠠᠨ ᠤ ᠲᠠᠪᠴᠠᠩ ᠢ ᠪᠠᠶᠢᠭᠤᠯᠬᠤ ᠪᠣᠯᠣᠨ᠎ᠠ᠃ ᠣᠳᠣᠬᠠᠨ ᠳᠤ ᠳᠤᠰ ᠲᠠᠪᠴᠠᠩ ᠨᠢ ᠬᠡᠷᠡᠭᠯᠡᠭᠴᠢ ᠶᠢᠨ ᠠᠳᠠᠯᠢ ᠪᠤᠰᠤ ᠠᠷᠠᠯᠵᠢᠶᠠᠨ ᠤ ᠬᠡᠷᠡᠭᠴᠡᠭᠡ ᠶᠢ ᠬᠠᠩᠭᠠᠵᠤ᠂ ᠠᠷᠠᠯᠵᠢᠶᠠᠯᠠᠬᠤ ᠬᠤᠷᠢᠶᠠᠬᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡᠨ ᠢ ᠢᠵᠢ ᠪᠦᠷᠢᠳᠦᠭᠦᠯᠬᠦ᠂ ᠠᠵᠢᠯ ᠲᠥᠷᠥᠯ ᠤᠨ ᠯᠠᠪᠯᠠᠭ᠎ᠠ ᠵᠡᠷᠭᠡ ᠪᠦᠭᠦ ᠲᠠᠯ᠎ᠠ ᠶᠢᠨ ᠨᠢᠭᠡ ᠴᠣᠭᠴᠠᠵᠢᠭᠰᠠᠨ ᠦᠢᠯᠡᠴᠢᠯᠡᠭᠡ ᠬᠠᠩᠭᠠᠵᠤ ᠪᠠᠶᠢᠨ᠎ᠠ᠃      ᠮᠠᠨ ᠤ ᠣᠷᠣᠨ ᠥᠪᠡᠷᠮᠢᠴᠡ ᠳᠠᠪᠠᠭᠤᠯᠢᠭᠲᠤ ᠪᠠᠶᠢᠭᠠᠯᠢ ᠶᠢᠨ ᠣᠷᠴᠢᠨ ᠪᠠ ᠪᠦᠷᠢᠨ ᠲᠡᠭᠦᠯᠳᠡᠷ ᠴᠠᠭᠠᠨ ᠢᠳᠡᠭᠡᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠶᠤᠮ᠃ ᠭᠦᠭᠡᠬᠤᠲᠠ ᠪᠣᠯ ︽ᠳᠤᠮᠳᠠᠳᠤ ᠤᠯᠤᠰ ᠤᠨ ᠴᠠᠭᠠᠨ ᠢᠳᠡᠭᠡᠨ ᠤ ᠬᠤᠲᠠ︾ ᠭᠡᠰᠡᠨ ᠠᠯᠳᠠᠷ ᠲᠠᠢ᠂ ᠣᠳᠣ ᠴᠠᠭᠠᠨ ᠢᠳᠡᠭᠡᠨ ᠤ ᠦᠢᠯᠡᠰ ᠤᠨ ᠬᠤᠶᠠᠷ ᠲᠣᠮᠣ ᠳᠠᠭᠠᠭᠤᠯᠤᠭᠴᠢ ᠠᠵᠤ ᠠᠬᠤᠶᠢᠯᠠᠯ - ᠢᠯᠢ ᠪᠦᠯᠦᠭᠯᠡᠯ ᠪᠣᠯᠣᠨ ᠮᠧᠩ ᠨᠢᠦ ᠪᠦᠯᠦᠭᠯᠡᠯ ᠵᠢᠴᠢ ᠨᠢᠭᠡ ᠪᠦᠯᠦᠭ ᠳᠤᠮᠳᠠ ᠪᠠᠭ᠎ᠠ ᠳᠡᠰ ᠤᠨ ᠴᠠᠭᠠᠨ ᠢᠳᠡᠭᠡᠨ ᠤ ᠠᠵᠤ ᠠᠬᠤᠶᠢᠯᠠᠯ ᠪᠤᠢ᠃ ᠨᠢᠳᠤᠨᠤᠨ ᠭᠦᠭᠡᠬᠤᠲᠠ ᠶᠢᠨ ᠴᠠᠭᠠᠨ ᠢᠳᠡᠭᠡᠨ ᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶᠡᠨ ᠤ ᠡᠵᠡᠩᠨᠡᠯᠲᠡ ᠶᠢᠨ ᠣᠷᠣᠯᠭ᠎ᠠ 2560 ᠳ᠋ᠦᠩᠰᠢᠭᠤᠷ ᠲᠥᠭᠦᠷᠢᠭ ᠢ ᠳᠠᠪᠠᠵᠤ᠂ ᠳᠡᠭᠡᠷ᠎ᠡ ᠵᠢᠯ ᠤᠨ ᠬᠢ ᠠᠴᠠ 14% ᠠᠴᠠ ᠳᠡᠭᠡᠭᠰᠢ ᠨᠡᠮᠡᠭᠳᠡᠵᠡᠢ᠃ ᠡᠨᠡ ᠬᠦ ᠰᠠᠭᠤᠷᠢᠨ ᠳᠡᠭᠡᠷ᠎ᠡ ᠥᠪᠥᠷ ᠮᠣᠩᠭᠤᠯ ᠤᠨ ᠴᠢᠩ ᠴᠧᠩ ᠴᠠᠭᠠᠨ ᠢᠳᠡᠭᠡᠨ ᠤ ᠦᠢᠯᠡᠰ ᠤᠨ ᠠᠷᠠᠯᠵᠢᠶᠠᠨ ᠤ ᠲᠥᠪ ᠨᠢ ᠲᠠᠪᠴᠠᠩ ᠤᠨ ᠡᠬᠢ ᠪᠠᠶᠠᠯᠢᠭ ᠢ ᠨᠡᠶᠢᠳᠬᠡᠨ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ  ᠶᠢᠨ ᠴᠢᠳᠠᠮᠵᠢ ᠶᠢᠨ ᠦᠢᠯᠡᠳᠦᠯ ᠢ ᠪᠠᠳᠠᠷᠠᠭᠤᠯᠵᠤ᠂ ᠪᠦᠭᠦ ᠤᠯᠤᠰ ᠤᠨ ᠴᠠᠭᠠᠨ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠬᠤ᠂ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ ᠶᠢ ᠠᠬᠢᠭᠤᠯᠵᠤ᠂ ᠮᠠᠨ ᠤ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号