ᠨᠢᠭᠡ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠭᠤᠶᠤᠴᠢᠯᠠᠨ ᠠᠪᠬᠤ ᠨᠥᠬᠦᠴᠡᠯ | ᠬᠤᠲᠠ ᠪᠠᠯᠭᠠᠰᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠠᠯᠳᠠᠭᠰᠠᠳ ︽ᠳᠦᠷᠢᠮ︾ | ᠤᠨ ᠲᠣᠭᠲᠠᠭᠠᠯ ᠶᠣᠰᠣᠭᠠᠷ ᠳᠣᠣᠷᠠᠬᠢ ᠮᠡᠲᠦ ᠨᠥᠬᠦᠴᠡᠯ ᠢ ᠪᠦᠷᠢᠯᠳᠦᠭᠦᠯᠦᠭᠰᠡᠨ ᠪᠣᠯ ᠠᠵᠢᠯ ᠠᠯᠳᠠᠯᠲᠠ ᠶᠢᠨ | ᠳᠠᠭᠠᠳᠬᠠᠯ ᠤᠨ ᠬᠠᠷᠠᠭᠠᠯᠵᠠᠯ ᠬᠦᠷᠲᠡᠵᠦ ᠪᠣᠯᠣᠨ᠎ᠠ᠃ | ︵ᠨᠢᠭᠡ︶ ᠠᠵᠢᠯ ᠠᠯᠳᠠᠭᠰᠠᠳ ᠤᠨ ᠳᠠᠭᠠᠳᠬᠠᠯ ᠳᠤ ᠲᠣᠭᠲᠠᠭᠠᠯ ᠶᠣᠰᠣᠭᠠᠷ ᠣᠷᠣᠯᠴᠠᠵᠤ ᠪᠠᠶᠢᠭ᠎ᠠ ᠨᠢᠭᠡᠴᠢ ᠪᠠ | ᠬᠤᠪᠢ ᠬᠥᠮᠥᠨ ᠨᠢ ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠡᠭᠦᠷᠭᠡ ᠪᠠᠨ ᠪᠦᠬᠦᠯᠢ ᠨᠢᠭᠡ ᠵᠢᠯ | ᠭᠦᠢᠴᠡᠳᠬᠡᠭᠰᠡᠨ᠃ | ︵ᠬᠤᠶᠠᠷ︶ ᠲᠣᠰ ᠬᠥᠮᠥᠨ ᠤ ᠬᠦᠰᠡᠯ ᠰᠠᠨᠠᠭ᠎ᠠ ᠠᠴᠠ ᠪᠣᠯᠵᠤ ᠠᠵᠢᠯ ᠢᠶᠠᠨ ᠵᠣᠭᠰᠣᠭᠠᠭᠰᠠᠨ ᠪᠣᠰᠣ᠃ | ︵ᠭᠤᠷᠪᠠ︶ ᠠᠵᠢᠯ ᠠᠯᠳᠠᠭᠰᠠᠨ ᠳᠠᠩᠰᠠᠯᠠᠯᠲᠠ ᠬᠢᠭᠰᠡᠨ ᠪᠥᠭᠡᠳ ᠠᠵᠢᠯ ᠡᠷᠢᠬᠦ ᠱᠠᠭᠠᠷᠳᠠᠯᠭ᠎ᠠ ᠲᠠᠢ᠃ | ᠬᠤᠶᠠᠷ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠭᠤᠶᠤᠴᠢᠯᠠᠨ ᠠᠪᠬᠤ ᠪᠠᠷᠢᠮᠵᠢᠶ᠎ᠠ | ᠠᠵᠢᠯ ᠠᠯᠳᠠᠭᠰᠠᠳ ᠠᠵᠢᠯ ᠠᠯᠳᠠᠬᠤ ᠠᠴᠠ ᠡᠮᠦᠨ᠎ᠡ᠂ ᠠᠵᠢᠯᠯᠠᠵᠤ ᠪᠠᠶᠢᠭ᠎ᠠ ᠨᠢᠭᠡᠴᠢ ᠪᠣᠯᠣᠨ ᠬᠤᠪᠢ ᠬᠥᠮᠥᠨ | ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠡᠭᠦᠷᠭᠡ ᠪᠠᠨ ᠭᠦᠢᠴᠡᠳᠬᠡᠨ ᠪᠦᠬᠦᠯᠢ ᠨᠢᠭᠡ ᠵᠢᠯ ᠪᠣᠯᠤᠭᠰᠠᠨ ᠪᠣᠯ᠂ | 2 ᠰᠠᠷ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠨ᠎ᠠ︔ ᠪᠦᠬᠦᠯᠢ 3 ᠵᠢᠯ ᠪᠣᠯᠤᠭᠰᠠᠨ ᠪᠣᠯ᠂ 8 | ᠰᠠᠷ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠨ᠎ᠠ︔ ᠪᠦᠬᠦᠯᠢ 4 ᠵᠢᠯ ᠪᠣᠯᠤᠭᠰᠠᠨ ᠪᠣᠯ᠂ 12 | ᠰᠠᠷ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠨ᠎ᠠ︔ ᠪᠦᠬᠦᠯᠢ 5 ᠵᠢᠯ ᠪᠣᠯᠵᠤ 10 ᠵᠢᠯ ᠬᠦᠷᠬᠦ | ᠦᠭᠡᠢ ᠪᠣᠯ᠂ 5 ᠳ᠋ᠤᠭᠠᠷ ᠵᠢᠯ ᠳᠤ 14 ᠰᠠᠷ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠵᠤ᠂ | ᠵᠠᠯᠭᠠᠭᠠᠳ ᠨᠢᠭᠡ ᠵᠢᠯ ᠨᠡᠮᠡᠭᠳᠡᠬᠦ ᠪᠦᠷᠢ ᠨᠢᠭᠡ ᠰᠠᠷ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ | ᠣᠯᠭᠤᠨ᠎ᠠ︔ ᠪᠦᠬᠦᠯᠢ 10 ᠵᠢᠯ ᠠᠴᠠ ᠳᠡᠭᠡᠭᠰᠢ ᠪᠣᠯᠤᠭᠰᠠᠨ ᠪᠣᠯ᠂ 24 ᠰᠠᠷ᠎ᠠ ᠶᠢᠨ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠣᠯᠭᠤᠨ᠎ᠠ᠃ | ᠨᠡᠶᠢᠲᠡ 10 ᠵᠢᠯ ᠪᠣᠯᠤᠭᠰᠠᠨ ᠪᠥᠭᠡᠳ ᠡᠷᠡᠭᠲᠡᠢ ᠪᠥᠬᠦᠯ 50 ᠨᠠᠰᠤ᠂ ᠡᠮᠡᠭᠲᠡᠢ ᠪᠦᠬᠦᠯᠢ 45 ᠨᠠᠰᠤ | ᠬᠦᠷᠦᠭᠰᠡᠨ ᠪᠣᠯ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠡᠮᠦᠨᠡᠬᠢ ᠵᠤᠷᠪᠤᠰ ᠤᠨ ᠪᠠᠷᠢᠮᠵᠢᠶ᠎ᠠ ᠶᠢᠨ | ᠰᠠᠭᠤᠷᠢᠨ ᠳᠡᠭᠡᠷ᠎ᠡ 20% ᠪᠠᠷ ᠨᠡᠮᠡᠵᠦ ᠣᠯᠭᠤᠨ᠎ᠠ᠃ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠠᠵᠢᠯ ᠠᠯᠳᠠᠭᠰᠠᠨ᠂ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠡᠮᠦᠨᠡᠬᠢ ᠵᠤᠷᠪᠤᠰ ᠤᠨ ᠰᠠᠭᠤᠷᠢᠨ ᠳᠡᠭᠡᠷ᠎ᠡ 8% ᠪᠠᠷ ᠨᠡᠮᠡᠵᠦ | ᠣᠯᠭᠤᠨ᠎ᠠ᠃ | ᠭᠤᠷᠪᠠ᠂ ᠠᠵᠢᠯ ᠠᠯᠳᠠᠭᠰᠠᠳ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ | ᠳᠣᠣᠷᠠᠬᠢ ᠬᠠᠷᠠᠭᠠᠯᠵᠠᠯ ᠢ ᠬᠦᠷᠲᠡᠵᠦ ᠪᠣᠯᠣᠨ᠎ᠠ᠄ | ︵ᠨᠢᠭᠡ︶ ᠡᠮᠴᠢᠯᠡᠭᠨ ᠤ ᠳᠠᠭᠠᠳᠬᠠᠯ ᠢ ᠣᠷᠣᠯᠠᠨ ᠲᠤᠰᠢᠶᠠᠨ᠎ᠠ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ | ᠠᠪᠬᠤ ᠬᠤᠭᠤᠴᠠᠡᠭᠠᠨ ᠳᠤ ᠲᠤᠰ ᠬᠥᠮᠥᠨ ᠨᠢ ᠡᠮᠴᠢᠯᠡᠭᠨ ᠤ ᠳᠠᠭᠠᠳᠬᠠᠯ ᠲᠤᠰᠢᠶᠠᠬᠤ ᠦᠭᠡᠢ᠂ ᠠᠵᠢᠯ | ᠠᠯᠳᠠᠯᠲᠠ ᠶᠢᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠠᠴᠠ ᠣᠷᠣᠯᠠᠨ ᠲᠤᠰᠢᠶᠠᠨ᠎ᠠ᠃ | ︵ᠬᠤᠶᠠᠷ︶ ᠳᠤᠯᠠᠭᠠᠯᠠᠭ᠎ᠠ ᠶᠢᠨ ᠨᠥᠬᠦᠪᠦᠷᠢ ᠣᠯᠭᠤᠨ᠎ᠠ᠂ ᠨᠢᠭᠡ ᠳᠤᠯᠠᠭᠠᠯᠠᠭ᠎ᠠ ᠶᠢᠨ ᠤᠯᠠᠷᠢᠯ ᠳᠤ 480 | ᠲᠥᠭᠦᠷᠢᠭ᠂ ᠰᠠᠷ᠎ᠠ ᠪᠦᠷᠢ 80 ᠲᠥᠭᠦᠷᠢᠭ᠃ ᠳᠤᠯᠠᠭᠠᠯᠠᠬᠤ ᠤᠯᠠᠷᠢᠯ ᠤᠨ ᠰᠠᠷ᠎ᠠ ᠳᠤ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠶᠢ ᠬᠠᠮᠲᠤ ᠣᠯᠭᠤᠨ᠎ᠠ᠃ | ︵ᠭᠤᠷᠪᠠ︶ ᠠᠵᠢᠯ ᠠᠯᠳᠠᠭᠰᠠᠳ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠳᠤ ᠪᠠᠨ ᠨᠠᠰᠤ | ᠪᠠᠷᠠᠭᠰᠠᠨ ᠪᠣᠯ ᠣᠷᠣᠰᠢᠭᠤᠯᠭ᠎ᠠ ᠶᠢᠨ ᠨᠥᠬᠦᠪᠦᠷᠢ ᠮᠥᠩᠭᠦ ᠪᠠ ᠬᠠᠨᠢ ᠨᠥᠬᠦᠷ᠂ ᠲᠥᠷᠥᠯ ᠰᠠᠳᠤᠨ ᠤ ᠠᠰᠠᠷᠠᠨ | ᠲᠡᠵᠢᠭᠡᠬᠦ ᠠᠰᠠᠷᠠᠮᠵᠢ ᠶᠢᠨ ᠮᠥᠩᠭᠦ ᠣᠯᠭᠤᠨ᠎ᠠ᠃ ᠣᠷᠣᠰᠢᠭᠤᠯᠭ᠎ᠠ ᠶᠢᠨ ᠨᠥᠬᠦᠪᠦᠷᠢ ᠮᠥᠩᠭᠦ ᠶᠢ ᠬᠤᠪᠢ ᠬᠥᠮᠥᠨ ᠤ | ᠠᠮᠢᠳᠤ ᠪᠠᠶᠢᠬᠤ ᠦᠶ᠎ᠡ ᠶᠢᠨ 4 ᠰᠠᠷ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠪᠠᠷ | ᠣᠯᠭᠤᠵᠤ᠂ ᠠᠰᠠᠷᠠᠮᠵᠢ ᠶᠢᠨ ᠮᠥᠩᠭᠦ ᠶᠢ ᠬᠤᠪᠢ ᠬᠥᠮᠥᠨ ᠤ ᠠᠮᠢᠳᠤ ᠪᠠᠶᠢᠬᠤ ᠦᠶ᠎ᠡ ᠶᠢᠨ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠪᠠᠷ ᠣᠯᠭᠤᠵᠤ᠂ ᠨᠢᠭᠡ ᠬᠥᠮᠥᠨ ᠢ 6 ᠰᠠᠷ᠎ᠠ ᠠᠰᠠᠷᠠᠨ ᠲᠡᠵᠢᠭᠡᠵᠦ᠂ ᠬᠤᠶᠠᠷ | ᠬᠥᠮᠥᠨ ᠢ 12 ᠰᠠᠷ᠎ᠠ ᠠᠰᠠᠷᠠᠨ ᠲᠡᠵᠢᠭᠡᠵᠦ᠂ ᠭᠤᠷᠪᠠ ᠠᠴᠠ ᠳᠡᠭᠡᠭᠰᠢ ᠬᠥᠮᠥᠨ ᠢ 18 ᠰᠠᠷ᠎ᠠ ᠠᠰᠠᠷᠠᠨ ᠲᠡᠵᠢᠭᠡᠨ᠎ᠡ᠃ | | |