ᠦᠴᠦᠸᠠᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠦᠵᠡᠯ ᠰᠠᠨᠠᠭ᠎ᠠ ᠤᠯᠤᠰ ᠲᠥᠷᠥ ᠪᠠᠷ ᠬᠥᠮᠥᠨ ᠢ ᠬᠥᠮᠥᠵᠢᠭᠦᠯᠬᠦ ᠶᠡᠭᠡ ᠬᠢᠴᠢᠶᠡᠯ ᠤᠨ ᠲᠠᠩᠬᠢᠮ ᠤᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/6
     ︽5·1︾ ᠤ ᠬᠥᠳᠡᠯᠮᠦᠷᠢᠴᠢᠳ ᠤᠨ ᠪᠠᠶᠠᠷ ᠪᠣᠯᠣᠨ ︽5·4︾ ᠤ ᠵᠠᠯᠠᠭᠤᠴᠤᠳ ᠤᠨ ᠪᠠᠶᠠᠷ ᠢ ᠤᠭᠲᠤᠬᠤ ᠶᠢᠨ ᠲᠥᠯᠥᠭᠡ᠂ 4 ᠰᠠᠷ᠎ᠠ ᠶᠢᠨ 30 ᠤ ᠡᠳᠦᠷ᠂ ᠦᠴᠦᠸᠠᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠨᠣᠬᠠᠢ ᠶᠢᠨ ᠬᠤᠰᠢᠭᠤ ᠶᠢᠨ ᠮᠦᠽᠧᠢ ᠳᠤ ︽ᠨᠤᠲᠤᠭ ᠤᠰᠤ ᠪᠠᠨ ᠬᠥᠭᠵᠢᠭᠦᠯᠦᠨ ᠮᠠᠨᠳᠤᠭᠤᠯᠬᠤ ᠵᠠᠮ ᠢ ᠬᠠᠶᠢᠵᠤ᠂ ᠴᠠᠭ ᠦᠶ᠎ᠡ ᠶᠢᠨ ᠬᠦᠰᠡᠯᠡᠩ ᠤᠨ ᠰᠢᠨ᠎ᠡ ᠬᠥᠮᠥᠨ ᠢ ᠬᠥᠮᠥᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠦᠵᠡᠯ ᠰᠠᠨᠠᠭ᠎ᠠ ᠤᠯᠤᠰ ᠲᠦᠷᠦ ᠶᠢᠨ ᠬᠥᠮᠥᠨ ᠢ ᠬᠥᠮᠥᠵᠢᠭᠦᠯᠬᠦ ᠶᠡᠭᠡ ᠬᠢᠴᠢᠶᠡᠯ ᠤᠨ ᠲᠠᠩᠬᠢᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃
     ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠳᠠᠭᠤᠯᠠᠭᠰᠠᠨ ︽ᠪᠢᠳᠠ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ︾ ᠪᠠ ︽ᠢᠷᠠᠭᠤ ᠠᠯᠳᠠᠷ ᠲᠠᠢ ᠰᠢᠸ︕ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ︾ ᠤᠨ ᠰᠦᠷ ᠵᠢᠪᠬᠤᠯᠠᠩᠲᠤ ᠬᠦᠭ ᠠᠶᠠᠰ ᠢ ᠳᠠᠭᠠᠯᠳᠤᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠠᠵᠢᠯᠯᠠᠭ᠎ᠠ ᠶᠢᠨ ᠳᠤᠮᠳᠠ᠂ ᠲᠤᠬᠠᠢ ᠶᠢᠨ ᠲᠠᠯᠠᠪᠤᠷ ᠤᠨ ᠪᠠᠭᠰᠢ ᠰᠤᠷᠤᠭᠴᠢᠳ ᠬᠠᠮᠲᠤ ᠪᠠᠷ ᠦᠴᠦᠸᠠᠨ ᠤ ᠤᠬᠠᠭᠤᠯᠭ᠎ᠠ ᠶᠢᠨ ᠹᠢᠯᠢᠮ ︽ᠬᠤᠪᠢᠯᠭᠠᠨ ᠡᠭᠡᠰᠢᠭᠯᠡᠯ ᠦᠴᠦᠸᠠᠨ︾ ᠢ ᠦᠵᠡᠵᠦ᠂ ᠸᠧᠳᠢᠤ᠋ ᠶᠢᠨ ᠬᠡᠯᠪᠡᠷᠢ ᠪᠠᠷ ᠦᠴᠦᠸᠠᠨ ᠤ ᠰᠣᠶᠣᠯ ᠢᠷᠭᠡᠨᠰᠢᠯ ᠤᠨ ᠲᠡᠦᠬᠡ ᠪᠠ ᠣᠯᠠᠨ ᠡᠰᠢᠲᠦ ᠬᠥᠭᠵᠢᠯᠲᠡ ᠶᠢᠨ ᠵᠠᠮ ᠢ ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠡᠭᠦᠨ ᠤ ᠲᠤᠬᠠᠢ ᠪᠠᠰᠠ ᠲᠥᠮᠥᠰᠥ ᠪᠠ ᠨᠣᠬᠠᠢ ᠶᠢᠨ ᠬᠤᠰᠢᠭᠤ ᠶᠢᠨ ᠲᠤᠬᠠᠢ ᠮᠡᠳᠡᠯᠭᠡ ᠶᠢᠨ ᠪᠢᠴᠢᠯ ᠬᠢᠴᠢᠶᠡᠯ ᠤᠨ ᠲᠠᠩᠬᠢᠮ ᠢ ᠥᠷᠨᠢᠭᠦᠯᠵᠦ᠂ ᠰᠤᠷᠤᠭᠴᠢᠳ ᠤᠨ ᠰᠣᠨᠢᠷᠬᠠᠯᠲᠠᠢ ᠲᠣᠭᠯᠠᠭᠠᠮ ᠠᠴᠠ ᠨᠤᠲᠤᠭ ᠤᠰᠤ ᠪᠠᠨ ᠣᠶᠢᠯᠠᠭᠠᠬᠤ ᠶᠢ ᠬᠥᠲᠥᠯᠥᠨ ᠵᠢᠯᠤᠭᠤᠳᠴᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠢᠨᠠᠷ ᠰᠠᠶᠢᠲᠠᠢ ᠬᠥᠭᠵᠢᠭᠦᠯᠬᠦ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠠᠪᠤᠴᠠ ᠳᠠᠬᠢ ᠦᠴᠦᠸᠠᠨ ᠤ ᠬᠤᠪᠢᠷᠠᠯᠲᠠ ᠶᠢ ᠦᠨᠡᠨᠬᠦ ᠮᠡᠳᠡᠷᠡᠭᠦᠯᠵᠦ᠂ ᠰᠤᠷᠤᠭᠴᠢᠳ ᠤᠨ ᠨᠤᠲᠤᠭ ᠤᠰᠤ ᠪᠠᠨ ᠬᠠᠶᠢᠷᠠᠯᠠᠬᠤ ᠪᠠ ᠲᠠᠯᠠᠷᠬᠠᠬᠤ ᠰᠡᠳᠬᠢᠯᠭᠡ ᠶᠢ ᠨᠢ ᠬᠥᠭᠵᠢᠭᠡᠵᠡᠢ᠃
     ᠳᠠᠷᠠᠭ᠎ᠠ ᠨᠢ᠂ ᠪᠠᠭᠰᠢ ᠰᠤᠷᠤᠭᠴᠢᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠨᠣᠬᠠᠢ ᠶᠢᠨ ᠬᠤᠰᠢᠭᠤ ᠶᠢᠨ ᠮᠦᠽᠧᠢ ᠶᠢ ᠲᠣᠭᠤᠷᠢᠨ ᠦᠵᠡᠵᠦ᠂ ᠦᠴᠦᠸᠠᠨ ᠰᠢᠶᠠᠨ ᠤ ᠶᠡᠷᠦᠩᠬᠡᠢ ᠲᠥᠯᠦᠪᠵᠢᠭᠦᠯᠭᠡ ᠶᠢᠨ ᠵᠢᠷᠤᠭ᠂ ᠨᠣᠬᠠᠢ ᠶᠢᠨ ᠬᠤᠰᠢᠭᠤ ᠶᠢ ᠦᠢᠯᠡᠳᠬᠦ ᠶᠠᠪᠤᠴᠠ᠂ ᠰᠢᠶᠠᠨ ᠤ ᠬᠡᠪᠴᠢᠶᠡᠨ ᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠡᠷᠭᠡ ᠶᠢ ᠰᠣᠨᠢᠷᠬᠠᠪᠠ᠃ ︽ᠨᠤᠲᠤᠭ ᠤᠰᠤ ᠪᠠᠨ ᠬᠥᠭᠵᠢᠭᠦᠯᠦᠨ ᠮᠠᠨᠳᠤᠭᠤᠯᠬᠤ ᠵᠠᠮ ᠢ ᠬᠠᠶᠢᠵᠤ᠂ ᠴᠠᠭ ᠦᠶ᠎ᠡ ᠶᠢᠨ ᠬᠦᠰᠡᠯᠡᠩ ᠤᠨ ᠰᠢᠨ᠎ᠡ ᠬᠥᠮᠥᠨ ᠢ ᠬᠥᠮᠥᠵᠢᠭᠦᠯᠦᠨ᠎ᠡ︾᠂ ᠲᠤᠰ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ᠂ ᠰᠤᠷᠤᠭᠴᠢᠳ ᠤᠨ ᠦᠰᠦᠨ ᠪᠤᠶᠢᠵᠢᠯᠲᠠ ᠪᠠ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠨ ᠥᠭᠪᠡ᠂ ᠦᠴᠦᠸᠠᠨ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠡᠯᠧᠮᠧᠨ᠋ᠲ ᠢ ᠭᠦᠨᠵᠡᠭᠡᠢ ᠠᠭᠤᠳᠠᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠦᠨᠡᠨᠬᠦ ᠤᠶᠤᠨ ᠲᠠᠷᠢᠬᠢᠨ ᠳᠤᠨᠢ ᠬᠠᠳᠠᠩᠰᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠥᠮᠥᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ ︵ᠰᠤᠷᠪᠤᠯᠵᠢᠯᠠᠭᠴᠢ᠄ ᠵᠤᠤ ᠯᠧ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号