ᠦᠴᠦᠸᠠᠨ ᠰᠢᠶᠠᠨ ᠣᠨᠴᠠᠯᠢᠭᠲᠤ ᠲᠠᠷᠢᠮᠠᠯ ︵ᠲᠥᠮᠥᠰᠥ︶ ᠤᠨ ᠬᠥᠨᠥᠭᠡᠯᠲᠡᠢ ᠠᠮᠢᠳᠤ ᠪᠣᠳᠠᠰ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠬᠤ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/6
     4 ᠰᠠᠷ᠎ᠠ ᠶᠢᠨ 30 ᠤ ᠡᠳᠦᠷ᠂ ᠣᠨᠴᠠᠯᠢᠭᠲᠤ ᠲᠠᠷᠢᠮᠠᠯ ︵ᠲᠥᠮᠥᠰᠥ︶ ᠤᠨ ᠬᠥᠨᠥᠭᠡᠯᠲᠡᠢ ᠠᠮᠢᠳᠤ ᠪᠣᠳᠠᠰ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠬᠤ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠦᠴᠦᠸᠠᠨ ᠰᠢᠶᠠᠨ ᠤ ᠲᠤᠬᠠᠢ ᠶᠢᠨ ᠲᠠᠯᠠᠪᠤᠷ ᠤᠨ ᠬᠤᠷᠠᠯ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠫᠦ᠋ ᠲᠣᠰᠬᠤᠨ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠣᠯᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠲᠠᠷᠢᠮᠠᠯ ᠤᠨ ᠡᠷᠦᠬᠡ ᠳᠤ ᠲᠥᠮᠥᠰᠥ ᠶᠢᠨ ᠭᠤᠣᠯ ᠪᠣᠯᠬᠤ ᠰᠢᠷᠣᠢ ᠪᠠᠷ ᠲᠠᠷᠬᠠᠬᠤ ᠡᠪᠡᠳᠴᠢᠨ ᠤ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠵᠢᠴᠢ ᠡᠮ ᠪᠠᠭᠠᠰᠬᠠᠬᠤ ᠮᠡᠷᠭᠡᠵᠢᠯ᠂ ᠲᠥᠮᠥᠰᠥ ᠶᠢᠨ ᠪᠠᠺᠲ᠋ᠧᠷᠢ ᠶᠢᠨ ᠴᠢᠨᠠᠷᠲᠠᠢ ᠡᠪᠡᠳᠴᠢᠨ ᠤ ᠬᠥᠨᠥᠭᠡᠯ ᠤᠨ ᠬᠢᠮᠢ ᠶᠢᠨ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠬᠤ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠮᠡᠷᠭᠡᠵᠢᠯ᠂ ᠲᠥᠮᠥᠰᠥ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠲᠠᠶᠢᠯᠪᠤᠷᠢᠯᠠᠨ ᠶᠠᠷᠢᠭᠰᠠᠨ ᠪᠥᠭᠡᠳ ᠲᠤᠬᠠᠢ ᠶᠢᠨ ᠲᠠᠯᠠᠪᠤᠷ ᠲᠤ ᠲᠥᠮᠥᠰᠥ ᠶᠢᠨ ᠰᠠᠶᠢᠨ ᠡᠭᠦᠯᠳᠡᠷ ᠢ ᠬᠡᠷᠴᠢᠵᠦ ᠦᠷ᠎ᠡ ᠬᠤᠯᠢᠬᠤ ᠮᠠᠰᠢᠨ ᠮᠧᠬᠠᠨᠢᠭ ᠤᠨ ᠵᠢᠱᠢᠶ᠎ᠡ ᠦᠵᠡᠭᠦᠯᠵᠡᠢ᠃ ᠲᠠᠷᠢᠮᠠᠯ ᠤᠨ ᠡᠷᠦᠬᠡ ᠶᠢᠨ ᠬᠢᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠥᠪᠯᠡᠷᠡᠩᠭᠦᠢ ᠪᠣᠯᠪᠠᠰᠤᠷᠠᠯ ᠠᠭᠤᠯᠭ᠎ᠠ ᠪᠠᠷ ᠪᠠᠶᠠᠯᠢᠭ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠮᠠᠰᠢ ᠣᠯᠠᠨ ᠪᠣᠳᠠᠲᠤ ᠬᠡᠷᠡᠭᠯᠡᠭᠡᠨ ᠤ ᠲᠠᠷᠢᠮᠠᠯ ᠤᠨ ᠤᠷ᠎ᠠ ᠮᠡᠷᠭᠡᠵᠢᠯ ᠢ ᠰᠣᠷᠣᠭᠰᠠᠨ ᠢᠶᠠᠷ ᠪᠠᠷᠠᠬᠤ ᠦᠭᠡᠢ ᠪᠠᠰᠠ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ ᠭᠡᠵᠡᠢ᠃
     ᠣᠶᠢᠷ᠎ᠠ ᠶᠢᠨ ᠵᠢᠯ ᠠᠴᠠ ᠨᠠᠰᠢ᠂ ᠦᠴᠦᠸᠠᠨ ᠰᠢᠶᠠᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠲᠣᠭᠲᠠᠭᠤᠨ ᠢᠶᠠᠷ ᠳᠡᠭᠡᠭᠰᠢᠯᠡᠵᠦ᠂ ᠥᠨᠳᠥᠷ ᠤᠨᠠᠯᠲᠠ ᠲᠠᠢ ᠲᠦᠷᠦᠯ ᠵᠦᠢᠯ ᠢ ᠶᠡᠭᠡ ᠬᠡᠪᠴᠢᠶ᠎ᠡ ᠪᠠᠷ ᠳᠡᠯᠭᠡᠷᠡᠭᠦᠯᠵᠦ᠂ ᠡᠭᠡᠯᠵᠢᠯᠡᠨ ᠳᠠᠷᠢᠬᠤ᠂ ᠳᠤᠰᠤᠯᠭᠠᠨ ᠤᠰᠤᠯᠠᠬᠤ᠂ ᠤᠰᠤ ᠪᠣᠷᠳᠣᠭᠤᠷ ᠡᠮ ᠪᠠ ᠪᠦᠷᠬᠦᠪᠴᠢ ᠶᠢ ᠬᠢᠵᠠᠭᠠᠷᠯᠠᠬᠤ ᠵᠡᠷᠭᠡ ᠲᠠᠷᠢᠬᠤ ᠮᠡᠷᠭᠡᠵᠢᠯ ᠢ ᠰᠠᠶᠢᠵᠢᠷᠠᠭᠤᠯᠵᠤ᠂ ᠳᠠᠷᠢᠬᠤ᠂ ᠪᠣᠷᠳᠣᠭᠤᠷ ᠣᠷᠣᠭᠤᠯᠬᠤ᠂ ᠡᠮ ᠰᠦᠷᠴᠢᠬᠦ᠂ ᠬᠤᠷᠢᠶᠠᠯᠲᠠ ᠶᠢ ᠮᠧᠬᠠᠨᠢᠭᠵᠢᠭᠤᠯᠤᠨ ᠠᠵᠢᠯᠯᠠᠭᠰᠠᠨ ᠠᠴᠠ ᠤᠰᠤ ᠠᠷᠪᠢᠯᠠᠬᠤ᠂ ᠪᠣᠷᠳᠣᠭᠤᠷ ᠠᠷᠪᠢᠯᠠᠬᠤ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠵᠦ᠂ ᠬᠥᠮᠥᠨ ᠤ ᠬᠦᠴᠦ ᠪᠠ ᠮᠧᠬᠠᠨᠢᠭ ᠤᠨ ᠥᠪᠡᠷ ᠤᠨ ᠦᠷᠳᠡᠭ ᠢ ᠶᠡᠭᠡ ᠪᠠᠷ ᠪᠠᠭᠤᠷᠠᠭᠤᠯᠵᠠᠢ᠃ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠳᠠᠪᠠᠭᠤᠯᠢᠭ ᠲᠠᠷᠢᠮᠠᠯ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ ᠢ ᠤᠯᠠᠮ ᠨᠢᠭᠡ ᠠᠯᠬᠤᠮ ᠬᠤᠷᠠᠮᠳᠤᠭᠤᠯᠵᠤ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠭᠠᠨ ᠰᠤᠷᠭᠠᠯᠲᠠ ᠶᠢᠨ ᠨᠢᠭᠡᠴᠢ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ᠂ ᠨᠤᠲᠤᠭ ᠤᠨ ᠲᠤᠰᠬᠠᠢ ᠮᠡᠷᠭᠡᠵᠢᠯᠲᠡᠨ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠵᠦᠢ ᠵᠣᠬᠢᠰᠲᠠᠢ ᠪᠠᠷ ᠠᠵᠢᠯ ᠢᠶᠠᠨ ᠬᠤᠪᠢᠶᠠᠷᠢᠯᠠᠭᠰᠠᠨ᠂ ᠥᠨᠳᠥᠷ ᠪᠦᠲᠦᠮᠵᠢᠲᠡᠶ ᠪᠠᠷ ᠬᠠᠮᠵᠢᠯᠴᠠᠭᠰᠠᠨ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠭᠰᠡᠨ᠂ ᠤᠯᠠᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠦᠷᠳᠡᠭᠦ ᠰᠢᠨ᠎ᠡ ᠲᠣᠭᠲᠠᠴᠠ ᠶᠢ ᠪᠠᠶᠢᠭᠤᠯᠵᠤ᠂ ︽ᠰᠠᠭᠤᠷᠢᠨ ᠭᠠᠵᠠᠷ + ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠠᠯᠠᠭ᠎ᠠ ᠮᠥᠴᠢᠷ + ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ︾ ᠶᠢᠨ ᠮᠡᠷᠭᠡᠵᠢᠯ ᠢ ᠳᠡᠯᠭᠡᠷᠡᠭᠦᠯᠬᠦ ᠬᠡᠯᠬᠢᠶᠡᠯᠢᠭ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ  ᠬᠢᠨ ᠬᠤᠭᠤᠯᠠᠢ ᠠᠭᠤᠯᠠ ᠰᠢᠶᠠᠩ᠂ ᠬᠥᠬᠡ ᠡᠷᠭᠢ ᠪᠠᠯᠭᠠᠰᠤ᠂ ᠳᠡᠭᠡᠷ᠎ᠡ ᠲᠣᠬᠤᠢ ᠰᠢᠶᠠᠩ ᠳᠤ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠯᠠᠩ ᠤᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠭᠤᠯᠬᠤ᠂ ᠡᠰᠢ ᠰᠦᠷᠡᠯ ᠤᠨ ᠰᠦᠯᠢᠶᠥᠦ ᠪᠦᠷᠬᠦᠪᠴᠢ ᠶᠢ ᠶᠡᠷᠦᠩᠬᠡᠶᠢᠯᠡᠨ ᠠᠰᠢᠭᠯᠠᠬᠤ᠂ ᠲᠥᠮᠥᠰᠥ ᠶᠢᠨ ᠬᠥᠨᠥᠭᠡᠯᠲᠡᠢ ᠠᠮᠢᠳᠤ ᠪᠣᠳᠠᠰ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠬᠤ ᠮᠡᠷᠭᠡᠵᠢᠯ ᠢ ᠬᠠᠮᠵᠢᠯᠴᠠᠭᠤᠯᠤᠨ ᠳᠡᠯᠭᠡᠷᠡᠭᠦᠯᠬᠦ ᠵᠡᠷᠭᠡ ᠲᠦᠷᠦᠯ ᠵᠦᠢᠯ ᠢ ᠪᠠᠶᠢᠷᠢᠯᠠᠭᠤᠯᠬᠤ ᠶᠢᠨ ᠬᠠᠮᠲᠤ ᠪᠦᠲᠦᠭᠡᠨ ᠪᠠᠶᠢᠭᠤᠯᠬᠤ ᠪᠣᠯᠣᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ︽ᠲᠠᠪᠤ ᠶᠢ ᠨᠢᠭᠡᠳᠬᠡᠵᠦ ᠳᠥᠷᠪᠡ ᠶᠢ ᠡᠵᠡᠮᠳᠡᠵᠦ ᠭᠤᠷᠪᠠ ᠶᠢ ᠳᠡᠭᠡᠭᠰᠢᠯᠡᠭᠦᠯᠵᠦ ᠬᠤᠶᠠᠷ ᠢ ᠨᠡᠮᠡᠭᠳᠡᠭᠦᠯᠬᠦ︾ ᠮᠡᠷᠭᠡᠵᠢᠯ ᠤᠨ ᠵᠠᠭᠪᠤᠷ ᠢ ᠬᠤᠷᠠᠮᠳᠤᠭᠤᠯᠵᠤ᠂ ᠪᠦᠬᠦ ᠰᠢᠶᠠᠨ ᠤ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号