ᠦᠴᠦᠸᠠᠨ ᠰᠢᠶᠠᠨ ᠤ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠨᠡᠮᠡᠨ ᠡᠯᠭᠦᠵᠦ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/6
     4 ᠰᠠᠷ᠎ᠠ ᠶᠢᠨ 30 ᠤ ᠡᠳᠦᠷ᠂ ᠦᠴᠦᠸᠠᠨ ᠰᠢᠶᠠᠨ ᠤ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠨᠡᠮᠡᠨ ᠡᠯᠭᠦᠵᠦ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠣᠸ ᠯᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠸᠧᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠵᠢᠶᠧ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃      ᠣᠶᠢᠯᠠᠭᠠᠭᠰᠠᠨ ᠢᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠦᠷᠲᠡᠯ᠎ᠡ ᠪᠣᠯ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠶᠢᠨ ᠲᠡᠦᠬᠡᠲᠦ ᠴᠢᠨᠠᠷᠲᠠᠢ ᠰᠢᠯᠵᠢᠯᠲᠡ ᠪᠣᠯᠣᠨ᠎ᠠ᠃ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠶᠢ ᠰᠢᠶᠠᠨ ᠤ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠰᠢᠯᠵᠢᠭᠦᠯᠦᠨ ᠣᠷᠣᠭᠤᠯᠵᠤ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠭᠡᠳ᠂ ᠲᠤᠰᠠᠭᠠᠷ ᠪᠠᠶᠢᠭᠤᠯᠤᠭᠰᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠦᠯᠡᠳᠡᠭᠡᠬᠦ ᠦᠭᠡᠢ ᠨᠢ ᠦᠴᠦᠸᠠᠨ ᠰᠢᠶᠠᠨ ᠤ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠬᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠪᠠᠰᠠ ᠴᠤ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠨ ᠨᠢᠭᠡ ᠤᠳᠠᠭᠠᠨ ᠤ ᠡᠭᠦᠷᠭᠡ ᠴᠢᠳᠠᠪᠬᠢ ᠶᠢ ᠶᠡᠬᠡᠪᠡᠷ ᠬᠤᠪᠢᠷᠠᠭᠤᠯᠬᠤ᠂ ᠲᠤᠬᠠᠶᠢᠯᠠᠭᠰᠠᠨ ᠠᠵᠢᠯ ᠢ ᠶᠡᠬᠡᠪᠡᠷ ᠨᠡᠶᠢᠳᠬᠡᠬᠦ᠂ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃
     ᠲᠣᠰ ᠤᠳᠠᠭᠠᠨ ᠤ ᠥᠭᠡᠷᠡᠴᠢᠯᠡᠯᠲᠡ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠮᠠᠯ ᠠᠵᠤ ᠠᠬᠤᠢ ᠮᠠᠯᠵᠢᠬᠤ ᠣᠷᠣᠨ ᠮᠠᠯᠴᠢᠨ︾ ᠤ ᠠᠵᠢᠯ ᠢ ᠰᠠᠶᠢᠲᠤᠷ ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠪᠠ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︵ᠶᠠᠩ ᠯᠢ ᠹᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号