ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠦᠴᠦᠸᠠᠨ ᠰᠢᠶᠠᠨ ᠤ ᠳ᠋ᠧ ᠱᠧᠩ ᠶᠢᠩ ᠤᠨ ᠪᠤᠬ᠎ᠠ ᠲᠡᠷᠭᠡᠨ ᠤ ᠵᠢᠵᠢᠭ ᠪᠠᠯᠭᠠᠰᠤᠨ ᠳᠤ ᠢᠷᠡᠵᠦ ᠨᠠᠭᠠᠳᠤᠭᠠᠷᠠᠢ
ᠨᠡᠶᠢᠲᠡᠯᠡᠭᠰᠡᠨ ᠴᠠᠭ᠄
2024/5/6
     ᠥᠪᠥᠷ ᠮᠣᠩᠭᠤᠯ ᠤᠨ ᠦᠴᠦᠸᠠᠨ ᠰᠢᠶᠠᠨ ᠤ ᠠᠩᠬᠠᠳᠠᠭᠴᠢ ᠪᠤᠬ᠎ᠠ ᠲᠡᠷᠭᠡ ᠪᠠᠷ ᠭᠤᠣᠯ ᠰᠡᠳᠦᠪ ᠪᠣᠯᠭᠠᠭᠰᠠᠨ ᠬᠥᠳᠡᠭᠡ ᠲᠣᠰᠬᠤᠨ ᠤ ᠵᠤᠭᠠᠴᠠᠯ ᠤᠨ ᠭᠠᠵᠠᠷ ᠪᠣᠯᠤᠭᠰᠠᠨ ᠤ ᠬᠤᠪᠢ ᠳᠤ᠂ ᠱᠠᠨ ᡁᠢ ᠴᠤᠸᠠᠨ ᠰᠢᠩ· ᠲᠦ᠋ ᠶᠤᠸᠠᠨ ᠳ᠋ᠧ ᠱᠧᠩ ᠶᠢᠩ ᠤᠨ ᠪᠤᠬ᠎ᠠ ᠲᠡᠷᠭᠡᠨ ᠤ ᠬᠤᠸᠠᠷᠠᠨ ᠨᠢ ᠬᠠᠷᠠᠭᠤᠯ ᠪᠠᠯᠭᠠᠰᠤᠨ ᠤ ᠵᠡᠭᠦᠨ ᠬᠡᠰᠡᠭ ᠤᠨ ᠳ᠋ᠧ ᠱᠧᠩ ᠶᠢᠩ ᠲᠣᠰᠬᠤᠨ ᠳᠤ ᠪᠠᠶᠢᠷᠢᠯᠠᠵᠤ᠂ ᠲᠦᠷᠦᠯ ᠵᠦᠢᠯ ᠨᠢ 200 ᠮᠦ ᠰᠢᠬᠠᠮ ᠭᠠᠵᠠᠷ ᠢ ᠡᠵᠡᠯᠡᠵᠦ᠂ ᠭᠤᠣᠯ ᠣᠷᠣᠨ ᠨᠢ 44 ᠮᠦ ᠭᠠᠵᠠᠷ ᠢ ᠡᠵᠡᠯᠡᠵᠦ ᠪᠤᠢ᠃      ᠪᠤᠬ᠎ᠠ ᠲᠡᠷᠭᠡᠨ ᠤ ᠰᠣᠶᠣᠯ ᠢᠶᠠᠷ ᠭᠤᠣᠯ ᠰᠡᠳᠦᠪ ᠪᠣᠯᠭᠠᠨ ᠪᠤᠬ᠎ᠠ ᠲᠡᠷᠭᠡᠨ ᠤ ᠱᠤᠭᠤᠮᠠᠯ ᠤᠨ ᠠᠭᠤᠳᠠᠮ ᠲᠠᠯᠠᠪᠠᠢ᠂ ᠺᠠᠷᠲ᠋ᠢᠩ ᠲᠡᠷᠭᠡ ᠶᠢ ᠪᠡᠶᠡᠴᠢᠯᠡᠨ ᠣᠶᠢᠯᠠᠭᠠᠬᠤ᠂ ᠬᠡᠭᠡᠷ᠎ᠡ ᠪᠠᠭᠤᠳᠠᠯᠯᠠᠬᠤ᠂ ᠪᠦᠲᠦᠭᠡᠯᠴᠢ ᠲᠥᠰᠥᠪᠯᠡᠯ ᠲᠠᠢ ᠠᠷᠠᠳ ᠤᠨ ᠣᠷᠣᠨ ᠰᠠᠭᠤᠴᠠ᠂ ᠴᠢᠩᠭᠡᠯᠢᠭ ᠤᠨ ᠬᠤᠳᠠᠯᠳᠤᠭ᠎ᠠ᠂ ᠪᠤᠬ᠎ᠠ ᠲᠡᠷᠭᠡᠨ ᠤ ᠰᠣᠶᠣᠯ ᠤᠨ ᠦᠢᠯᠡᠴᠢᠯᠡᠭᠡᠨ ᠤ ᠲᠥᠪ ᠵᠡᠷᠭᠡ ᠵᠢᠷᠭᠤᠭᠠᠨ ᠶᠡᠭᠡ ᠭᠤᠣᠯ ᠰᠡᠳᠦᠪᠲᠦ ᠲᠣᠭᠤᠷᠢᠭ ᠢ ᠪᠦᠲᠦᠭᠡᠨ ᠪᠠᠶᠢᠭᠤᠯᠪᠠ᠃ ᠣᠷᠭᠠᠨᠢᠭ ᠲᠠᠷᠢᠶᠠᠯᠠᠩ ᠤᠨ ᠭᠠᠷᠤᠯᠲᠠ ᠶᠢ ᠲᠡᠭᠦᠬᠦ ᠬᠦᠷᠢᠶᠡᠯᠡᠩ᠂ ᠪᠤᠬ᠎ᠠ ᠲᠡᠷᠭᠡᠨ ᠤ ᠮᠣᠲ᠋ᠣᠷ ᠢᠶᠠᠷ ᠠᠶᠠᠯᠠᠬᠤ ᠤᠷᠤᠯᠳᠤᠭᠠᠨ ᠤ ᠵᠠᠮ᠂ ᠠᠮᠢ ᠠᠬᠤᠢ ᠶᠢᠨ ᠲᠡᠷᠭᠡ ᠵᠣᠭᠰᠣᠬᠤ ᠲᠠᠯᠠᠪᠤᠷ ᠵᠡᠷᠭᠡ ᠶᠢ ᠢᠵᠢ ᠪᠦᠷᠢᠳᠦᠭᠦᠯᠵᠦ᠂ ᠢᠳᠡᠬᠦ᠂ ᠰᠠᠭᠤᠬᠤ᠂ ᠰᠡᠯᠡᠭᠦᠴᠡᠬᠦ᠂ ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠤᠨ ᠣᠯᠠᠨ ᠡᠰᠢᠴᠢᠯᠡᠭᠰᠡᠨ ᠦᠵᠡᠭᠳᠡᠯ ᠢ ᠠᠭᠤᠰᠤᠯᠴᠠᠭᠤᠯᠤᠨ᠂ ᠪᠤᠬ᠎ᠠ ᠲᠡᠷᠭᠡᠨ ᠤ ᠰᠣᠶᠣᠯ ᠤᠨ ᠣᠶᠢᠯᠠᠭᠠᠯᠲᠠ + ᠠᠮᠠᠷᠠᠯᠲᠠ᠂ ᠭᠡᠷ ᠤᠨ ᠭᠠᠳᠠᠨᠠᠬᠢ ᠬᠥᠳᠡᠯᠭᠡᠭᠡᠨ + ᠬᠡᠭᠡᠷ᠎ᠡ ᠪᠠᠭᠤᠳᠠᠯᠯᠠᠬᠤ᠂ ᠳᠤᠭᠤᠢ ᠤᠨᠤᠬᠤ ᠶᠢ ᠥᠷᠭᠡᠳᠬᠡᠬᠦ + ᠪᠣᠯᠪᠠᠰᠤᠷᠠᠭᠤᠯᠤᠯ᠂ ᠨᠠᠷᠠᠲᠤ ᠲᠡᠮᠳᠡᠭᠲᠦ ᠪᠤᠬ᠎ᠠ ᠲᠡᠷᠭᠡ + ᠠᠵᠢᠯᠯᠠᠭ᠎ᠠ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠭᠤᠣᠯ ᠰᠡᠳᠦᠪᠲᠦ ᠬᠥᠳᠡᠭᠡ ᠲᠣᠰᠬᠤᠨ ᠤ ᠪᠢᠴᠢᠯ ᠠᠮᠠᠷᠠᠯᠲᠠ ᠶᠢᠨ ᠭᠠᠵᠠᠷ ᠢ ᠪᠣᠶ ᠪᠣᠯᠭᠠᠪᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号