︽5·1︾ ᠤ ᠠᠮᠠᠷᠠᠯᠲᠠ ᠶᠢᠨ ᠠᠩᠬᠠᠨ ᠤ ᠡᠳᠦᠷ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 271.39 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ
ᠨᠡᠶᠢᠲᠡᠯᠡᠭᠰᠡᠨ ᠴᠠᠭ᠄
2024/5/6
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽5·1︾ ᠤ ᠠᠮᠠᠷᠠᠯᠲᠠ ᠶᠢᠨ ᠠᠩᠬᠠᠨ ᠤ ᠡᠳᠦᠷ ᠲᠤ᠂ ᠪᠦᠭᠦ ᠣᠷᠣᠨ ᠤ ᠭᠥᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢᠨ ᠲᠤᠭ᠎ᠠ 271.39 ᠲᠦᠮᠡᠨ ᠬᠥᠮᠥᠨ ᠤᠳᠠᠭ᠎ᠠ ᠳᠤ ᠬᠦᠷᠴᠦ᠂ 2023 ᠣᠨ ᠤ 1.74 ᠲᠠᠭᠢᠨ ᠪᠣᠯᠪᠠ᠃ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠡᠳ ᠤᠨ ᠶᠡᠷᠦᠩᠬᠡᠢ ᠵᠠᠷᠤᠯᠭ᠎ᠠ 18.73 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ 2.33 ᠳᠠᠭᠢᠨ ᠪᠣᠯᠣᠯ᠎ᠠ᠃      ︽5·1︾ ᠤ ᠠᠮᠠᠷᠠᠯᠲᠠ ᠶᠢᠨ ᠠᠩᠬᠠᠨ ᠤ ᠡᠳᠦᠷ᠂ ᠪᠦᠭᠦ ᠣᠷᠣᠨ ᠤ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠬᠠᠯᠠᠮᠰᠢᠯ ᠪᠣᠯᠵᠤ᠂ ᠴᠥᠭᠡᠨ ᠪᠤᠰᠤ ᠦᠵᠡᠮᠵᠢ ᠶᠢᠨ ᠣᠷᠣᠨ ᠳᠤ ᠬᠥᠮᠥᠰ ᠤᠯᠠᠨ ᠴᠤᠭᠯᠠᠷᠠᠪᠠ᠃ ᠭᠦᠭᠡᠬᠤᠲᠠ ᠶᠢᠨ ᠶᠡᠭᠡ ᠵᠤᠤ ᠠᠭᠤᠳᠠᠮ ᠲᠠᠯᠠᠪᠠᠢ ᠳᠤ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ ᠤᠨ ᠠᠵᠢᠯᠯᠠᠭ᠎ᠠ ᠶᠢ ᠡᠬᠢᠯᠡᠭᠦᠯᠵᠦ᠂ ᠭᠢᠯᠠᠰ ᠦᠵᠡᠭᠦᠯᠭᠡ᠂ ᠵᠢᠵᠢᠭ ᠭᠡᠯᠪᠡᠷᠢ ᠶᠢᠨ ᠬᠥᠭᠵᠢᠮ ᠤᠨ ᠠᠩᠭᠢ ᠶᠢᠨ ᠲᠣᠬᠯᠠᠯᠲᠠ ᠨᠢ ᠣᠷᠣᠨ ᠤ ᠲᠥᠪ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ ᠤᠯᠠᠭᠠᠨᠬᠠᠳᠠ ᠬᠤᠲᠠ ᠶᠢᠨ ︽ᠬᠠᠰ ᠯᠣᠣ ᠶᠢᠨ ᠨᠤᠲᠤᠭ ᠤᠯᠠᠭᠠᠨᠬᠠᠳᠠ ᠪᠠᠷ ᠲᠣᠭᠤᠷᠢᠨ ᠵᠢᠭᠤᠯᠴᠢᠯᠠᠶ᠎ᠠ - ᠮᠢᠩᠭᠠᠨ ᠬᠥᠮᠥᠨ ᠤ ᠲᠣᠬᠯᠠᠯᠲᠠ︾ ᠨᠢ ᠵᠢᠭᠤᠯᠴᠢᠯᠠᠬᠰᠡᠳ ᠤᠨ ᠠᠩᠬᠠᠷᠤᠯ ᠢ ᠲᠠᠲᠠᠵᠤ᠂ ︽ᠬᠠᠰ ᠯᠣᠣ ᠶᠢᠨ ᠨᠤᠲᠤᠭ︾ ᠤᠨ ᠰᠣᠶᠣᠯ ᠤᠨ ᠣᠣᠷ ᠲᠤᠨᠳᠠᠰᠤ ᠶᠢ ᠠᠭᠤᠰᠤᠯᠴᠠᠬᠤ ᠭᠡᠯᠪᠡᠷᠢ ᠪᠠᠷ ᠤᠶᠢᠯᠠᠭᠠᠪᠠ᠃ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠳᠠᠬᠢᠨᠲᠠ ᠬᠠᠯᠠᠮᠰᠢᠯ ᠪᠣᠯᠵᠤ᠂ ᠲᠣᠭᠤᠷᠢᠬᠤ ᠪᠠᠷ ᠭᠦᠷᠦᠭᠰᠡᠨ ᠵᠢᠭᠤᠯᠴᠢᠯᠠᠭᠴᠢ 10 ᠲᠦᠮᠡᠨ ᠬᠥᠮᠥᠨ ᠤᠳᠠᠭ᠎ᠠ ᠶᠢ ᠳᠠᠪᠠᠪᠠ; ᠬᠥᠯᠥᠨ ᠪᠤᠶᠢᠷ ᠤᠨ ᠵᠠᠯᠠᠨ ᠠᠶᠢᠯ ᠤᠨ ᠬᠤᠷᠴᠠ ᠤᠯᠠᠭᠠᠨ ᠴᠡᠴᠡᠭ ᠪᠠᠳᠠᠷᠠᠨ ᠳᠡᠯᠭᠡᠷᠡᠵᠦ᠂ ᠲᠤᠭ᠎ᠠ ᠲᠣᠮᠰᠢ ᠦᠭᠡᠢ ᠤᠯᠠᠨ ᠵᠢᠭᠤᠯᠴᠢᠯᠠᠭᠴᠢ ᠶᠢᠨ ᠠᠩᠬᠠᠷᠤᠯ ᠢ ᠲᠠᠲᠠᠪᠠ ᠁      ᠰᠢᠶᠧ ᠴᠧᠩ ᠲᠠᠪᠴᠠᠩ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠥᠪᠥᠷ ᠮᠣᠩᠭᠤᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠠᠬᠢ ᠵᠢᠭᠤᠯᠴᠢᠯᠠᠯ ᠤᠨ ᠤᠷᠢᠳᠴᠢᠯᠠᠨ ᠵᠠᠬᠢᠶᠠᠯᠠᠭᠰᠠᠨ ᠬᠥᠮᠥᠨ ᠤᠳᠠᠭ᠎ᠠ ᠵᠢᠴᠢ ᠬᠡᠷᠡᠭᠯᠡᠭᠡᠨ ᠤ ᠵᠣᠭᠤᠰ ᠤᠨ ᠲᠤᠭ᠎ᠠ ᠴᠥᠮ ᠶᠡᠭᠡ ᠪᠠᠷ ᠨᠡᠮᠡᠭᠳᠡᠵᠦ᠂ 2023 ᠣᠨ ᠤ ︽5·1︾ ᠤ ᠠᠮᠠᠷᠠᠯᠲᠠ ᠶᠢᠨ ᠬᠤᠭᠤᠴᠠᠭ᠎ᠠ ︵4 ᠰᠠᠷ᠎ᠠ ᠶᠢᠨ 29 ᠤ ᠡᠳᠦᠷ - 5 ᠰᠠᠷ᠎ᠠ ᠶᠢᠨ 3 ᠤ ᠡᠳᠦᠷ︶ ᠲᠠᠢ ᠠᠳᠠᠯᠢᠳᠬᠠᠪᠠᠯ᠂ ᠡᠨᠡ ᠵᠢᠯ ᠤᠨ ᠥᠪᠥᠷ ᠮᠣᠩᠭᠤᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ ᠤᠷᠢᠳᠴᠢᠯᠠᠨ ᠵᠠᠬᠢᠶᠠᠯᠠᠭᠰᠠᠨ ᠪᠦᠭᠦ ᠬᠥᠮᠥᠨ ᠤᠳᠠᠭ᠎ᠠ 111.33% ᠠᠴᠠ ᠳᠡᠭᠡᠭᠰᠢ ᠨᠡᠮᠡᠭᠳᠡᠵᠦ᠂ ᠤᠷᠢᠳᠴᠢᠯᠠᠨ ᠵᠠᠬᠢᠶᠠᠯᠠᠭᠰᠠᠨ ᠪᠦᠭᠦ ᠬᠡᠷᠡᠭᠯᠡᠭᠡᠨ ᠤ ᠵᠣᠭᠤᠰ ᠤᠨ ᠲᠤᠭ᠎ᠠ 417.72% ᠨᠡᠮᠡᠭᠳᠡᠵᠦ᠂ ᠪᠠᠭᠤᠳᠠᠯ ᠪᠣᠯᠣᠨ ᠨᠢᠰᠬᠡᠯ ᠤᠨ ᠪᠢᠯᠧᠲ ᠢ ᠤᠷᠢᠳᠴᠢᠯᠠᠨ ᠵᠠᠬᠢᠶᠠᠯᠠᠭᠰᠠᠨ ᠬᠥᠮᠥᠨ ᠤᠳᠠᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 120.24% ᠪᠠ 341.38% ᠪᠠᠷ ᠨᠡᠮᠡᠭᠳᠡᠪᠡ᠃ ᠠᠮᠠᠷᠠᠯᠲᠠ ᠶᠢᠨ ᠠᠩᠬᠠᠨ ᠤ ᠡᠳᠦᠷ ᠤᠨ ᠪᠦᠭᠦ ᠣᠷᠣᠨ ᠤ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠨᠢ ᠴᠤ ᠲᠠᠪᠴᠠᠩ ᠤᠨ ᠵᠢᠱᠢᠯᠲᠡ ᠶᠢ ᠭᠡᠷᠡᠴᠢᠯᠡᠵᠦ᠂ ᠠᠮᠠᠷᠠᠯᠲᠠ ᠶᠢᠨ ᠬᠤᠭᠤᠴᠠᠭ᠎ᠠ ᠰᠠᠶ᠋ᠢᠬᠠᠨ ᠡᠬᠢᠯᠡᠬᠦ ᠪᠠᠷ ᠡᠯ᠎ᠡ ᠠᠶᠢᠮᠠᠭ ᠬᠤᠲᠠ ᠶᠢᠨ ᠪᠠᠶᠠᠯᠢᠭ ᠠᠭᠤᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠠᠭᠠᠵᠢᠮ ᠢᠶᠠᠷ ᠬᠥᠭᠵᠢᠶᠡᠨᠲᠦ ᠪᠠᠶᠢᠳᠠᠯ ᠳᠤ ᠣᠷᠣᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号